ᠨᠠᠮ ᠤᠨ ᠭᠡᠰᠢᠭᠦᠨ ᠺᠠᠳ᠋ᠷ ᠲᠦᠷᠦᠭᠦᠯᠡᠨ ᠵᠢᠱᠢᠶ᠎ᠡ ᠦᠵᠡᠭᠦᠯᠵᠦ ᠬᠠᠮᠲᠤ ᠶᠢᠨ ᠠᠵᠤ ᠠᠬᠤᠢ ᠶᠢ ᠬᠥᠭᠵᠢᠭᠦᠯᠦᠨ᠎ᠡ
ᠨᠡᠶᠢᠲᠡᠯᠡᠭᠰᠡᠨ ᠴᠠᠭ᠄
2023/12/1
ᠨᠠᠮ ᠤᠨ ᠭᠡᠰᠢᠭᠦᠨ ᠺᠠᠳ᠋ᠷ ᠲᠦᠷᠦᠭᠦᠯᠡᠨ ᠵᠢᠱᠢᠶ᠎ᠡ ᠦᠵᠡᠭᠦᠯᠵᠦ ᠬᠠᠮᠲᠤ ᠶᠢᠨ ᠠᠵᠤ ᠠᠬᠤᠢ ᠶᠢ ᠬᠥᠭᠵᠢᠭᠦᠯᠦᠨ᠎ᠡ︽ᠤᠳᠤ᠂ ᠮᠠᠨ ᠤ ᠲᠣᠰᠬᠤᠨ ᠳᠤ ᠵᠢᠭᠤᠯᠴᠢᠯᠠᠬᠤ ᠪᠠᠷ ᠢᠷᠡᠭᠰᠡᠳ ᠵᠢᠯ ᠤᠨ ᠲᠦᠷᠪᠡᠨ ᠤᠯᠠᠷᠢᠯ ᠳᠤ ᠲᠠᠰᠤᠷᠠᠳᠠᠭ ᠦᠭᠡᠢ᠂ ᠢᠯᠠᠩᠭᠤᠶ᠎ᠠ ᠪᠠᠶᠠᠷ ᠳᠤᠷᠠᠰᠬᠠᠯ ᠤᠨ ᠡᠳᠦᠷ ᠪᠤᠯᠬᠤ ᠳᠤ ᠬᠥᠮᠥᠨ ᠨᠡᠩ ᠣᠯᠠᠰᠢᠷᠠᠳᠠᠭ᠂ ᠲᠣᠰᠬᠤᠨ ᠤ ᠬᠢᠨ ᠪᠢᠳᠡᠨ ᠢ ᠶᠠᠭᠤ ᠬᠢ ᠭᠡᠪᠡᠯ ᠪᠢᠳᠡ ᠲᠡᠭᠦᠨ ᠢ ᠬᠢᠵᠦ᠂ ᠲᠣᠰᠬᠤᠨ ᠢᠶᠠᠨ ᠲᠠᠭᠠᠵᠤ ᠠᠵᠢᠯᠯᠠᠪᠠᠯ ᠯᠠᠪᠲᠠᠢ ᠵᠣᠭᠤᠰ ᠣᠯᠵᠤ ᠴᠢᠳᠠᠨ᠎ᠠ︾ ᠭᠡᠵᠦ ᠯᠧᠢ ᠶᠢᠩᠽᠢ ᠲᠣᠰᠬᠤᠨ ᠤ ᠨᠠᠮ ᠤᠨ ᠡᠭᠦᠷ ᠤᠨ ᠲᠤᠬᠠᠢ ᠶᠠᠷᠢᠬᠤ ᠳᠠᠭᠠᠨ ᠲᠣᠰᠬᠤᠨ ᠤ ᠠᠷᠠᠳ ᠹᠦ᠋ ᠢᠦᠢ ᠡᠷᠡᠬᠡᠢ ᠬᠤᠷᠤᠭᠤ ᠭᠤᠵᠣᠶᠢᠯᠭᠠᠨ ᠮᠠᠭᠲᠠᠨ ᠰᠠᠶᠢᠰᠢᠶᠠᠨ᠎ᠠ᠃ ᠯᠧᠢ ᠶᠢᠩᠽᠢ ᠲᠣᠰᠬᠤᠨ ᠨᠢ ᠤᠯᠠᠭᠠᠨᠬᠠᠳᠠ ᠬᠤᠳᠠ ᠶᠢᠨ ᠬᠠᠷᠠᠴᠢᠨ ᠬᠤᠰᠢᠭᠤᠨ ᠤ ᠰᠢ ᠴᠢᠶᠣᠤ ᠪᠠᠯᠭᠠᠰᠤᠨ ᠳᠤ ᠪᠠᠶᠢᠷᠢᠯᠠᠵᠤ᠂ ᠠᠭᠤᠯᠠᠷᠬᠠᠭ ᠣᠷᠣᠨ ᠪᠣᠯᠬᠤᠷ ᠲᠠᠷᠢᠶᠠᠯᠠᠩ ᠤᠨ ᠦᠢᠯᠡᠰ ᠤᠨ ᠬᠥᠭᠵᠢᠯᠲᠡ ᠠᠨᠠᠢ᠂ ᠥᠩᠭᠡᠷᠡᠭᠰᠡᠨ ᠳᠤ ᠬᠥᠮᠥᠨ ᠳᠤᠮᠳᠠᠴᠢ ᠶᠢᠨ ᠵᠢᠯ ᠤᠨ ᠣᠷᠣᠯᠭ᠎ᠠ ᠨᠢ ᠭᠤᠷᠪᠠ ᠲᠦᠷᠪᠡᠨ ᠮᠢᠩᠭᠠᠨ ᠲᠥᠭᠦᠷᠢᠭ ᠠᠴᠠ ᠬᠡᠲᠦᠷᠡᠬᠦ ᠦᠭᠡᠢ ᠪᠠᠶᠢᠵᠠᠢ᠃ ᠤᠳᠤ᠂ ᠬᠠᠷᠠᠴᠢᠨ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠤ ᠬᠦᠴᠦᠲᠡᠢ ᠳᠡᠮᠵᠢᠯᠭᠡ ᠳᠣᠣᠷ᠎ᠠ᠂ ᠯᠧᠢ ᠶᠢᠩᠽᠢ ᠲᠣᠰᠬᠤᠨ ᠬᠥᠳᠡᠭᠡ ᠠᠵᠤ ᠠᠬᠤᠢ ᠶᠢᠨ ᠵᠢᠭᠤᠯᠴᠢᠯᠠᠯ ᠤᠨ ᠬᠤᠷᠰᠢᠶ᠎ᠠ᠂ ᠰᠣᠶᠣᠯ ᠵᠢᠭᠤᠯᠴᠢᠯᠠᠯ ᠤᠨ ᠺᠤᠮᠫᠠᠨᠢ ᠪᠣᠯᠣᠨ ᠬᠤᠪᠢᠰᠬᠠᠯ ᠤᠨ ᠬᠥᠮᠦᠵᠢᠯ ᠤᠨ ᠪᠣᠯᠪᠠᠰᠤᠷᠠᠯ ᠤᠨ ᠰᠠᠭᠤᠷᠢᠨ ᠢ ᠪᠠᠶᠢᠭᠤᠯᠬᠤ ᠪᠠᠷ ᠳᠠᠮᠵᠢᠨ᠂ ᠵᠢᠯ ᠪᠦᠷᠢ ᠪᠦᠭᠦ ᠲᠣᠰᠬᠤᠨ ᠤ ᠠᠷᠠᠳ ᠤᠨ ᠬᠥᠮᠥᠨ ᠪᠦᠷᠢ ᠳᠤ 2000 ᠲᠥᠭᠦᠷᠢᠭ ᠤᠨ ᠠᠰᠢᠭ ᠬᠤᠪᠢᠶᠠᠬᠤ ᠶᠢ ᠪᠡᠶᠡᠯᠡᠭᠦᠯᠵᠦ᠂ ᠬᠥᠮᠥᠨ ᠳᠤᠮᠳᠠᠴᠢ ᠶᠢᠨ ᠲᠡᠭᠰᠢᠳᠬᠡᠭᠰᠡᠨ ᠴᠡᠪᠡᠷ ᠣᠷᠣᠯᠭ᠎ᠠ 6000 ᠲᠥᠭᠦᠷᠢᠭ ᠨᠡᠮᠡᠭᠳᠡᠵᠦ᠂ ᠲᠣᠰᠬᠤᠨ ᠤ ᠬᠠᠮᠲᠤ ᠶᠢᠨ ᠣᠷᠣᠯᠭ᠎ᠠ 168ᠲᠦᠮᠡᠨ ᠲᠥᠭᠦᠷᠢᠭ ᠲᠤ ᠬᠦᠷᠴᠦ᠂ ᠤᠤᠯ ᠤᠨ ᠶᠠᠳᠠᠭᠤ ᠬᠦᠴᠢᠷᠳᠡᠯᠲᠡᠢ ᠲᠣᠰᠬᠤᠨ ᠠᠴᠠ ᠪᠠᠨ ᠬᠤᠯᠠ ᠣᠶᠢᠷ᠎ᠠ ᠳᠠᠭᠠᠨ ᠠᠯᠳᠠᠷᠰᠢᠭᠰᠠᠨ ᠬᠥᠳᠡᠭᠡ ᠲᠣᠰᠬᠤᠨ ᠤ ᠵᠢᠭᠤᠯᠴᠢᠯᠠᠯ ᠤᠨ ᠲᠤᠰᠬᠤᠨ ᠪᠣᠯᠤᠭᠰᠠᠨ ᠪᠠᠶᠢᠨ᠎ᠠ᠃ ᠡᠨᠡ ᠬᠦ ᠬᠤᠪᠢᠷᠠᠯᠲᠠ ᠨᠢ ᠯᠧᠢ ᠶᠢᠩᠽᠢ ᠲᠣᠰᠬᠤᠨ ᠤ ᠨᠠᠮ ᠤᠨ ᠡᠭᠦᠷ ᠤᠨ ᠬᠠᠲᠠᠭᠤᠵᠢᠯᠲᠠᠢ ᠰᠦᠪᠡᠭᠴᠢᠯᠡᠯᠲᠡ ᠬᠢᠵᠦ᠂ ᠪᠦᠭᠦ ᠲᠣᠰᠬᠤᠨ ᠤ ᠨᠠᠮ ᠤᠨ ᠭᠡᠰᠢᠭᠦᠨ ᠤᠯᠠᠨ ᠲᠦᠮᠡᠨ ᠢᠶᠠᠨ ᠳᠠᠭᠠᠭᠤᠯᠤᠨ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠶᠢ ᠬᠡᠷᠡᠭᠵᠢᠭᠦᠯᠵᠦ᠂ ᠤᠢ ᠵᠢᠮᠢᠰ ᠤᠨ ᠲᠠᠷᠢᠮᠠᠯ ᠪᠣᠯᠣᠨ ᠬᠥᠳᠡᠭᠡ ᠲᠣᠰᠬᠤᠨ ᠤ ᠵᠢᠭᠤᠯᠴᠢᠯᠠᠯ ᠤᠨ ᠠᠵᠤ ᠦᠢᠯᠡᠰ ᠢ ᠬᠥᠭᠵᠢᠭᠦᠯᠦᠭᠰᠡᠨ ᠠᠴᠠ ᠢᠷᠡᠯ ᠲᠠᠢ ᠪᠠᠶᠢᠵᠤ᠂ ᠲᠣᠰᠬᠤᠨ ᠤ ᠬᠠᠮᠲᠤ ᠶᠢᠨ ᠠᠵᠤ ᠠᠬᠤᠢ ᠦᠭᠡᠢ ᠪᠠᠶᠢᠭᠰᠠᠨ ᠠᠴᠠ ᠪᠠᠨ ᠪᠠᠶᠢᠬᠤ ᠪᠣᠯᠵᠤ᠂ ᠪᠠᠭᠤᠷᠠᠢ ᠪᠠᠶᠢᠭᠰᠠᠨ ᠠᠴᠠ ᠪᠠᠨ ᠬᠦᠴᠦᠷᠬᠡᠭᠵᠢᠵᠡᠢ᠃ ᠯᠧᠢ ᠶᠢᠩᠽᠢ ᠲᠣᠰᠬᠤᠨ ᠤ ᠬᠤᠪᠢᠷᠠᠯᠲᠠ ᠪᠣᠯ ᠬᠠᠷᠠᠴᠢᠨ ᠬᠤᠰᠢᠭᠤᠨ ᠤ ᠲᠣᠰᠬᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠬᠤ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠡᠶᠡᠯᠡᠭᠦᠯᠦᠭᠰᠡᠨ ᠠᠮᠢᠳᠤᠯᠢᠭ ᠦᠢᠯᠡᠳᠦᠯᠭᠡ ᠪᠣᠯᠣᠨ᠎ᠠ᠃ ᠬᠠᠷᠠᠴᠢᠨ ᠬᠤᠰᠢᠭᠤ ᠨᠢ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠡᠯ᠎ᠡ ᠲᠣᠰᠬᠤᠨ ᠤ ᠭᠠᠵᠠᠷ ᠣᠷᠣᠨ ᠤ ᠳᠠᠪᠠᠭᠤᠯᠢᠭ ᠲᠤ ᠰᠠᠭᠤᠷᠢᠯᠠᠨ᠂ ᠲᠣᠰᠬᠤᠨ ᠤ ᠪᠠᠶᠢᠳᠠᠯ ᠳᠠᠭᠠᠨ ᠵᠣᠬᠢᠴᠠᠭᠰᠠᠨ ᠬᠥᠭᠵᠢᠯᠲᠡ ᠶᠢᠨ ᠵᠠᠭᠪᠤᠷ ᠢ ᠬᠠᠶᠢᠨ ᠰᠦᠪᠡᠭᠴᠢᠯᠡᠵᠦ᠂ ᠲᠣᠰᠬᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠪᠡ᠃ ᠮᠡᠶᠢᠷᠡᠨ ᠪᠠᠯᠭᠠᠰᠤ ︽ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠤᠢ ᠠᠯᠲᠠ ᠮᠥᠩᠭᠦᠨ ᠠᠭᠤᠯᠠ ᠮᠥᠨ︾ ᠭᠡᠬᠦ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠨ᠂ ᠣᠶ ᠰᠢᠭᠤᠢ ᠶᠢᠨ ᠡᠬᠢ ᠪᠠᠶᠠᠯᠢᠭ ᠢ ᠠᠮᠢᠳᠤᠯᠢᠭ ᠢᠶᠠᠷ ᠠᠰᠢᠭᠯᠠᠵᠤ᠂ ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ ᠲᠥᠷᠥᠯ ᠵᠦᠢᠯ ᠳᠤ ᠲᠦᠰᠢᠭᠯᠡᠨ᠂ ᠣᠶ ᠰᠢᠭᠤᠢ ᠶᠢᠨ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠵᠠᠭᠪᠤᠷ ᠢ ᠬᠠᠶᠢᠨ ᠰᠦᠪᠡᠭᠴᠢᠯᠡᠵᠦ᠂ ᠤᠯᠤᠰ ᠤᠨ ᠨᠥᠭᠡᠴᠡ ᠣᠶ ᠶᠢᠨ 1 ᠲᠦᠮᠡᠨ ᠮᠦ ᠣᠶ ᠰᠢᠭᠤᠢ ᠶᠢᠨ ᠬᠤᠷᠮᠣᠢ ᠶᠢᠨ ᠣᠷᠣᠨ ᠵᠠᠢ ᠶᠢ ᠠᠰᠢᠭᠯᠠᠨ᠂ ᠣᠶ ᠰᠢᠭᠤᠢ ᠶᠢᠨ ᠮᠥᠭᠦ᠂ ᠣᠶ ᠰᠢᠭᠤᠢ ᠶᠢᠨ ᠡᠮ᠂ ᠣᠶ ᠰᠢᠭᠤᠢ ᠶᠢᠨ ᠮᠠᠯ ᠠᠵᠤ ᠠᠬᠤᠢ᠂ ᠣᠶ ᠰᠢᠭᠤᠢ ᠶᠢᠨ ᠵᠢᠭᠦᠷᠲᠡᠨ ᠵᠡᠷᠭᠡ ᠪᠠᠷ ᠭᠤᠣᠯ ᠪᠤᠯᠭᠠᠬᠰᠠᠨ ᠣᠶ ᠰᠢᠭᠤᠢ ᠶᠢᠨ ᠠᠵᠤ ᠠᠬᠤᠢ ᠶᠢ ᠬᠥᠭᠵᠢᠭᠦᠯᠵᠦ᠂ ᠵᠢᠯ ᠳᠤ 6000 ᠲᠦᠮᠡᠨ ᠲᠥᠭᠦᠷᠢᠭ ᠤᠨ ᠦᠢᠯᠡᠳᠬᠦᠨ ᠤ ᠥᠷᠲᠡᠭ ᠢ ᠪᠡᠶᠡᠯᠡᠭᠦᠯᠵᠡᠢ᠃ ᠨᠢᠦ ᠵᠢᠶᠠ ᠶᠢᠩᠽᠢ ᠪᠠᠯᠭᠠᠰᠤ ᠲᠠᠷᠢᠮᠠᠯ ᠤᠨ ᠦᠢᠯᠡᠰ ᠲᠤ ᠰᠠᠭᠤᠷᠢᠯᠠᠨ᠂ ᠮᠢᠩᠭᠠᠨ ᠮᠦ ᠶᠢᠨ ᠬᠢᠲᠠᠳ ᠮᠣᠩᠭᠤᠯ ᠡᠮ ᠤᠨ ᠮᠠᠲ᠋ᠧᠷᠢᠶᠠᠯ ᠤᠨ ᠲᠥᠷᠥᠯ ᠵᠦᠢᠯ ᠢ ᠡᠬᠢᠯᠡᠭᠦᠯᠵᠦ᠂ ᠲᠥᠷᠥᠯ ᠵᠦᠢᠯ ᠢᠶᠠᠷ ᠠᠵᠤ ᠦᠢᠯᠡᠰ ᠤᠨ ᠬᠥᠭᠵᠢᠯᠲᠡ ᠶᠢ ᠳᠠᠶᠢᠴᠢᠯᠠᠵᠦ᠂ ᠪᠦᠭᠦ ᠪᠠᠯᠭᠠᠰᠤᠨ ᠤ 100 ᠭᠠᠷᠤᠢ ᠲᠣᠰᠬᠤᠨ ᠤ ᠬᠤᠶᠠᠷ ᠵᠥᠪᠯᠡᠯ ᠤᠨ ᠭᠡᠰᠢᠭᠦᠨ᠂ 520 ᠭᠠᠷᠤᠢ ᠬᠥᠳᠡᠭᠡ ᠲᠣᠰᠬᠤᠨ ᠤ ᠨᠠᠮ ᠤᠨ ᠭᠡᠰᠢᠭᠦᠨ ᠵᠢᠭᠠᠨ ᠵᠢᠯᠣᠭᠤᠳᠤᠭᠴᠢ ᠪᠤᠯᠬᠤ ᠪᠠᠷ ᠪᠠᠷᠠᠬᠤ ᠦᠭᠡᠢ ᠪᠠᠰᠠ ᠪᠠᠶᠢᠯᠳᠤᠭᠴᠢ ᠪᠣᠯᠵᠤ᠂ ᠬᠠᠮᠲᠤ ᠶᠢᠨ ᠬᠤᠷᠰᠢᠶ᠎ᠠ ᠶᠢᠨ ᠳᠠᠷᠢᠵᠤ ᠪᠤᠯᠪᠠᠰᠤᠷᠠᠭᠤᠯᠬᠤ ᠪᠣᠷᠣᠯᠠᠭᠤᠯᠬᠤ ᠠᠵᠢᠯ ᠳᠤ ᠣᠷᠣᠯᠴᠠᠵᠤ᠂ 7000 ᠭᠠᠷᠤᠢ ᠡᠮ ᠤᠨ ᠮᠠᠲ᠋ᠧᠷᠢᠶᠠᠯ ᠳᠠᠷᠢᠬᠤ ᠡᠷᠦᠭᠡ ᠶᠢ ᠬᠥᠭᠵᠢᠭᠦᠯᠪᠡ᠃ ᠣᠶᠢᠷ᠎ᠠ ᠶᠢᠨ ᠵᠢᠯ ᠠᠴᠠ ᠨᠠᠭᠠᠰᠢ᠂ ᠬᠠᠷᠠᠴᠢᠨ ᠬᠤᠰᠢᠭᠤᠨ ᠤ ᠬᠢᠨ ᠲᠣᠰᠬᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠬᠤ ᠶᠢ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠨᠢᠭᠲᠠᠷᠠᠯ ᠤᠨ ᠬᠦᠴᠦᠨ ᠪᠣᠯᠣᠨ ᠳᠠᠶᠢᠴᠢᠨ ᠬᠦᠴᠦᠨ ᠢ ᠴᠢᠩᠭᠠᠳᠬᠠᠬᠤ ᠴᠢᠬᠤᠯᠠ ᠪᠠᠲᠤᠯᠠᠭ᠎ᠠ ᠪᠤᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ︽ᠨᠠᠮ ᠤᠨ ᠡᠭᠦᠷ + ᠬᠤᠷᠰᠢᠶ᠎ᠠ + ᠲᠠᠷᠢᠶᠠᠴᠢᠨ ᠡᠷᠦᠭᠡ︾᠎ ᠶᠢᠨ ᠵᠠᠭᠪᠤᠷ ᠢ ᠪᠠᠶᠢᠭᠤᠯᠬᠤ ᠪᠠᠷ ᠳᠠᠮᠵᠢᠭᠤᠯᠤᠨ᠂ ᠲᠣᠰᠬᠤᠨ ᠤ ᠬᠠᠮᠲᠤ ᠨᠡᠶᠢᠲᠡ ᠪᠣᠯᠣᠨ ᠲᠠᠷᠢᠶᠠᠴᠢᠳ ᠤᠨ ᠠᠰᠢᠭ ᠲᠤᠰᠠ ᠶᠢᠨ ᠬᠤᠯᠪᠣᠭᠠᠨ ᠤ ᠲᠣᠭᠲᠠᠴᠠ ᠶᠢ ᠲᠡᠭᠦᠯᠳᠡᠷᠵᠢᠭᠦᠯᠵᠦ᠂ ᠬᠥᠳᠡᠭᠡ ᠲᠣᠰᠬᠤᠨ ᠤ ᠨᠠᠮ ᠤᠨ ᠭᠡᠰᠢᠭᠦᠨ ᠺᠠᠳ᠋ᠷ ᠲᠦᠷᠦᠭᠦᠯᠡᠨ᠂ ᠣᠯᠠᠨ ᠲᠦᠮᠡᠨ ᠢ ᠬᠥᠲᠥᠯᠥᠨ ᠵᠢᠯᠤᠭᠤᠳᠴᠤ ᠭᠠᠵᠠᠷ ᠰᠢᠷᠣᠢ᠂ ᠪᠡᠯᠡ ᠮᠥᠩᠭᠦ᠂ ᠭᠦᠳᠡᠯᠮᠦᠷᠢ ᠬᠦᠴᠦ ᠵᠡᠷᠭᠡ ᠪᠠᠷ ᠬᠤᠪᠢ ᠣᠷᠣᠭᠤᠯᠵᠤ᠂ ᠲᠤᠰᠬᠠᠢ ᠬᠤᠷᠰᠢᠶ᠎ᠠ ᠪᠠᠶᠢᠭᠤᠯᠵᠤ᠂ ︽ᠨᠢᠭᠡ ᠲᠣᠰᠬᠤᠨ ᠨᠢᠭᠡ ᠦᠵᠡᠮᠵᠢ ᠲᠠᠢ᠂ ᠨᠢᠭᠡ ᠲᠣᠰᠬᠤᠨ ᠨᠢᠭᠡ ᠪᠦᠲᠦᠭᠡᠭᠳᠡᠬᠦᠨ ᠲᠠᠢ᠂ ᠨᠢᠭᠡ ᠲᠣᠰᠬᠤᠨ ᠨᠢᠭᠡ ᠦᠢᠯᠡᠰ ᠎ ᠲᠠᠢ︾ ᠠᠵᠤ ᠦᠢᠯᠡᠰ ᠤᠨ ᠬᠥᠭᠵᠢᠯᠲᠡ ᠶᠢᠨ ᠪᠠᠶᠢᠷᠢᠰᠢᠯ ᠢ ᠬᠦᠴᠦᠯᠡᠨ ᠪᠤᠢ ᠪᠤᠯᠭᠠᠵᠤ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢᠨ ᠪᠠᠶᠢᠳᠠᠯ ᠢ ᠠᠭᠠᠵᠢᠮ ᠢᠶᠠᠷ ᠪᠦᠷᠢᠯᠳᠦᠭᠦᠯᠵᠡᠢ᠃ ᠡᠭᠦᠨ ᠤ ᠵᠡᠷᠭᠡ ᠳᠤ᠂ ᠲᠣᠰ ᠬᠤᠰᠢᠭᠤ ᠨᠡᠶᠢᠲᠡ 4.95 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠴᠤᠭᠯᠠᠭᠤᠯᠤᠨ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠪᠡᠯᠡ ᠣᠷᠣᠭᠤᠯᠵᠤ᠂ ᠲᠣᠰᠬᠤᠨ ᠤ ᠬᠠᠮᠲᠤ ᠶᠢᠨ ᠠᠵᠤ ᠠᠬᠤᠢ ᠶᠢᠨ 98 ᠲᠥᠷᠥᠯ ᠵᠦᠢᠯ ᠢ ᠨᠠᠶᠢᠳᠠᠪᠤᠷᠢᠵᠢᠭᠤᠯᠤᠨ ᠬᠡᠷᠡᠭᠵᠢᠭᠦᠯᠵᠦ᠂ ᠪᠦᠭᠦ ᠬᠤᠰᠢᠭᠤᠨ ᠤ ᠲᠣᠰᠬᠤᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ ᠶᠢᠨ ᠶᠡᠷᠦᠩᠬᠡᠢ ᠬᠡᠮᠵᠢᠶ᠎ᠡ 2950 ᠭᠠᠷᠤᠢ ᠲᠦᠮᠡᠨ ᠲᠥᠭᠦᠷᠢᠭ ᠲᠤ ᠬᠦᠷᠴᠦ᠂ 1000 ᠭᠠᠷᠤᠢ ᠠᠵᠢᠯ ᠤᠨ ᠪᠠᠶᠢᠷᠢ ᠬᠠᠩᠭᠠᠵᠤ᠂ ᠬᠠᠮᠲᠤ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠵᠠᠢ᠃ ᠡᠭᠦᠨ ᠠᠴᠠ ᠭᠠᠳᠠᠨ᠎ᠠ᠂ ᠬᠠᠷᠠᠴᠢᠨ ᠬᠤᠰᠢᠭᠤ ᠨᠢ ᠬᠤᠰᠢᠭᠤ᠂ ᠰᠢᠶᠠᠩ᠂ ᠲᠣᠰᠬᠤᠨ ᠭᠤᠷᠪᠠᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠦᠢᠯᠡᠳᠦᠯ ᠢ ᠭᠦᠢᠴᠡᠳ ᠪᠠᠳᠠᠷᠠᠭᠤᠯᠵᠤ᠂ ︽ᠬᠤᠰᠢᠭᠤᠨ ᠤ ᠱᠠᠲᠤ ᠨᠢ ᠨᠢᠭᠡᠳᠦᠯᠲᠡᠢ ᠲᠥᠯᠥᠪᠯᠡᠬᠦ ᠶᠢ ᠠᠳᠬᠤᠬᠤ᠂ ᠰᠢᠶᠠᠩ ᠤᠨ ᠱᠠᠲᠤ ᠨᠢ ᠨᠠᠶᠢᠳᠠᠪᠤᠷᠢᠵᠢᠭᠤᠯᠤᠯᠲᠠ ᠶᠢ ᠠᠳᠬᠤᠬᠤ᠂ ᠲᠣᠰᠬᠤᠨ ᠤ ᠱᠠᠲᠤ ᠨᠢ ᠬᠡᠷᠡᠭᠵᠢᠭᠦᠯᠦᠯᠲᠡ ᠶᠢ ᠠᠳᠬᠤᠬᠤ︾ ᠱᠠᠲᠤ ᠬᠤᠪᠢᠶᠠᠨ ᠬᠠᠷᠢᠭᠤᠴᠠᠬᠤ ᠲᠣᠭᠲᠠᠴᠠ ᠶᠢ ᠪᠠᠶᠢᠭᠤᠯᠵᠤ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠡᠬᠢ ᠪᠠᠶᠠᠯᠢᠭ ᠤᠨ ᠠᠵᠤ ᠠᠬᠤᠢ᠂ ᠡᠳ᠋ ᠬᠥᠷᠥᠩᠭᠡ ᠶᠢᠨ ᠡᠵᠡᠩᠨᠡᠯᠲᠡ᠂ ᠠᠵᠤ ᠦᠢᠯᠡᠰ ᠢᠶᠠᠷ ᠳᠠᠶᠢᠴᠢᠯᠠᠬᠤ᠂ ᠦᠢᠯᠡᠴᠢᠯᠡᠭᠡᠨ ᠤ ᠣᠷᠣᠯᠭ᠎ᠠ ᠡᠭᠦᠳᠬᠦ᠂ ᠬᠤᠪᠢ ᠣᠷᠣᠭᠤᠯᠤᠨ ᠬᠤᠷᠰᠢᠬᠤ ᠪᠠ ᠣᠨᠳᠣᠣ ᠭᠠᠵᠠᠷ ᠲᠤ ᠠᠳᠠᠯ ᠦᠢᠯᠡᠰ ᠴᠣᠭᠴᠠᠯᠠᠬᠤ ᠵᠡᠷᠭᠡ 6 ᠵᠦᠢᠯ ᠤᠨ ᠵᠠᠭᠪᠤᠷ ᠲᠤ ᠨᠡᠶᠢᠲᠡ 32 ᠵᠦᠢᠯ ᠤᠨ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢᠨ ᠪᠣᠳᠠᠲᠠᠢ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠤ᠂ ᠡᠯ᠎ᠡ ᠲᠣᠰᠬᠤᠨ ᠳᠤ ᠯᠠᠪᠯᠠᠯᠲᠠ ᠬᠠᠩᠭᠠᠵᠠᠢ᠃ ᠣᠲᠣ᠂ ᠪᠦᠭᠦ ᠬᠤᠰᠢᠭᠤᠨ ᠤ ᠨᠠᠮ ᠤᠨ ᠪᠠᠶᠢᠭᠤᠯᠤᠯᠲᠠ ᠪᠠᠷ ᠠᠵᠤ ᠦᠢᠯᠡᠰ ᠤᠨ ᠬᠥᠭᠵᠢᠯᠲᠡ ᠶᠢ ᠬᠥᠲᠥᠯᠥᠨ ᠳᠠᠭᠠᠭᠤᠯᠬᠤ ᠬᠠᠮᠲᠤ ᠶᠢᠨ ᠴᠣᠭᠴᠠ ᠶᠢ 12᠂ ᠠᠵᠤ ᠦᠢᠯᠡᠰᠵᠢᠯᠲᠡ ᠶᠢᠨ ᠬᠤᠯᠪᠣᠭᠠᠲᠤ ᠴᠣᠭᠴᠠ ᠶᠢ 20 ᠡᠭᠦᠳᠦᠨ ᠪᠠᠶᠢᠭᠤᠯᠵᠤ᠂ ᠪᠦᠭᠦ ᠬᠤᠰᠢᠭᠤᠨ ᠤ 161 ᠵᠠᠰᠠᠭ ᠵᠠᠬᠢᠷᠭᠠᠨ ᠤ ᠲᠣᠰᠬᠤᠨ ᠳᠤ ᠴᠥᠮ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠪᠠᠶᠢᠭᠤᠯᠵᠤ᠂ 161 ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠪᠦᠭᠦᠨ ᠢᠶᠠᠷ ᠢᠶᠠᠨ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠪᠠ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠤ ᠲᠤᠰᠢᠶᠠᠯ ᠢ ᠬᠠᠪᠰᠤᠷᠭᠠᠨ ᠬᠠᠷᠢᠭᠤᠴᠠᠵᠤ᠂ ᠳᠡᠭᠡᠳᠦ ᠳᠣᠣᠷᠠᠳᠤ ᠱᠠᠲᠤᠨ ᠤ ᠬᠤᠯᠪᠤᠭᠠᠯᠠᠨ ᠬᠥᠳᠡᠯᠦᠯᠴᠡᠬᠦ᠂ ᠪᠦᠬᠦᠯᠢ ᠴᠣᠭᠴᠠ ᠪᠠᠷ ᠠᠬᠢᠭᠤᠯᠬᠤ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠬᠦ ᠶᠢ ᠦᠨᠡᠨ ᠬᠦ ᠪᠠᠲᠤᠯᠠᠭᠰᠠᠨ ᠪᠠᠶᠢᠨ᠎ᠠ᠃
 
ᠢᠷᠡᠯᠲᠡ᠄ ᠲᠤᠮᠲᠠᠲᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号