︽ᠳᠥᠷᠪᠡ ᠶᠢ ᠦᠨᠳᠦᠰᠦᠨ ᠱᠠᠲᠤᠨ ᠳᠤ ᠭᠦᠢᠴᠡᠳᠬᠡᠬᠦ︾ ᠰᠢᠯᠢᠳᠡᠭ ᠰᠤᠷᠲᠠᠯ ᠢ ᠪᠠᠳᠠᠷᠠᠭᠤᠯᠤᠶ᠎ᠠ
ᠨᠡᠶᠢᠲᠡᠯᠡᠭᠰᠡᠨ ᠴᠠᠭ᠄
2023/12/1
 ︽ᠳᠥᠷᠪᠡ ᠶᠢ ᠦᠨᠳᠦᠰᠦᠨ ᠱᠠᠲᠤᠨ ᠳᠤ ᠭᠦᠢᠴᠡᠳᠬᠡᠬᠦ︾ ᠰᠢᠯᠢᠳᠡᠭ ᠰᠤᠷᠲᠠᠯ ᠢ ᠪᠠᠳᠠᠷᠠᠭᠤᠯᠤᠶ᠎ᠠ︽ᠳᠥᠷᠪᠡ ᠶᠢ ᠦᠨᠳᠦᠰᠦᠨ ᠱᠠᠲᠤᠨ ᠳᠤ ᠭᠦᠢᠴᠡᠳᠬᠡᠬᠦ︾ ᠪᠣᠯ ᠬᠤᠶᠠᠳᠤᠭᠠᠷ ᠪᠦᠯᠦᠭ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠴᠢᠬᠤᠯᠠ ᠭᠠᠷᠳᠠᠴᠠ ᠪᠣᠯᠣᠨ᠎ᠠ᠃ ︽ᠳᠥᠷᠪᠡ ᠶᠢ ᠦᠨᠳᠦᠰᠦᠨ ᠱᠠᠲᠤᠨ ᠳᠤ ᠭᠦᠢᠴᠡᠳᠬᠡᠬᠦ︾ ᠭᠡᠳᠡᠭ ᠨᠢ ᠦᠨᠳᠦᠰᠦᠨ ᠱᠠᠲᠤᠨ ᠳᠤ ᠬᠦᠷᠴᠦ ᠨᠠᠮ ᠤᠨ ᠱᠤᠭᠤᠮ᠂ ᠴᠢᠭᠯᠡᠯᠲᠡ᠂ ᠲᠦᠷᠦ ᠶᠢᠨ ᠪᠣᠳᠣᠯᠭ᠎ᠠ ᠶᠢ ᠤᠬᠠᠭᠤᠯᠬᠤ᠂ ᠦᠨᠳᠦᠰᠦᠨ ᠱᠠᠲᠤᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠬᠦ᠂ ᠦᠨᠳᠦᠰᠦᠨ ᠱᠠᠲᠤᠨ ᠳᠤ ᠬᠦᠷᠴᠦ ᠵᠠᠬᠢᠳᠠᠯ ᠰᠤᠷᠪᠤᠯᠵᠢᠯᠠᠯ ᠢ ᠭᠥᠯᠢᠶᠡᠨ ᠠᠪᠬᠤ᠂ ᠦᠨᠳᠦᠰᠦᠨ ᠱᠠᠲᠤᠨ ᠳᠤ ᠬᠦᠷᠴᠦ ᠲᠤᠬᠠᠢ ᠶᠢᠨ ᠲᠠᠯᠠᠪᠤᠷ ᠲᠤ ᠠᠵᠢᠯᠯᠠᠬᠤ ᠶᠢ ᠵᠢᠭᠠᠵᠤ ᠪᠠᠶᠢᠨ᠎ᠠ᠃ ᠦᠨᠳᠦᠰᠦᠨ ᠱᠠᠲᠤ ᠪᠣᠯ ᠨᠡᠶᠢᠭᠡᠮ ᠤᠨ ᠵᠠᠰᠠᠯᠲᠠ ᠶᠢᠨ ᠭᠦᠨ ᠵᠤᠵᠠᠭᠠᠨ ᠰᠠᠭᠤᠷᠢ ᠪᠠ ᠴᠢᠬᠤᠯᠠ ᠲᠤᠯᠭᠠᠭᠤᠷᠢᠯᠠᠯ ᠮᠥᠨ᠂ ᠪᠠᠰᠠ ᠴᠤ ᠨᠠᠮ ᠪᠠ ᠵᠠᠰᠠᠭ ᠤᠨ ᠣᠷᠳᠣᠨ ᠤ ᠠᠵᠢᠯ ᠤᠨ ᠨᠢᠭᠡᠳᠦᠭᠡᠷ ᠹᠷᠣᠨᠲ ᠪᠠ ᠬᠠᠮᠤᠭ ᠤᠨ ᠡᠮᠦᠨ᠎ᠡ ᠹᠷᠣᠨᠲ ᠮᠥᠨ᠂ ᠦᠨᠳᠦᠰᠦᠨ ᠱᠠᠲᠤᠨ ᠤ ᠠᠵᠢᠯ ᠢ ᠰᠠᠶᠢᠲᠤᠷ ᠬᠢᠭᠰᠡᠨ ᠡᠰᠡᠬᠦ ᠨᠢ ᠤᠯᠤᠰ ᠣᠷᠣᠨ ᠤ ᠥᠨᠢ ᠤᠳᠠᠭᠠᠨ ᠠᠮᠤᠷ ᠲᠦᠪᠰᠢᠨ᠂ ᠨᠠᠮ ᠤᠨ ᠲᠦᠷᠦ ᠪᠠᠷᠢᠬᠤ ᠰᠠᠭᠤᠷᠢ ᠵᠢᠴᠢ ᠥᠷᠭᠡᠨ ᠤᠯᠠᠨ ᠠᠷᠠᠳ ᠲᠦᠮᠡᠨ ᠤ ᠠᠰᠢᠭ ᠲᠤᠰᠠ ᠲᠠᠢ ᠰᠢᠭᠤᠳ ᠬᠤᠯᠪᠣᠭᠳᠠᠵᠤ ᠪᠠᠶᠢᠳᠠᠭ᠃ ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠤᠨ ᠬᠤᠯᠪᠣᠭᠳᠠᠬᠤ ᠬᠦᠷᠢᠶ᠎ᠡ ᠬᠡᠪᠴᠢᠶ᠎ᠡ ᠨᠢ ᠨᠡᠩ ᠥᠷᠭᠡᠨ᠂ ᠭᠥᠯᠢᠶᠡᠨ ᠠᠪᠤᠭᠴᠢᠳ ᠨᠢ ᠨᠡᠩ ᠤᠯᠠᠨ ᠪᠣᠯᠵᠤ᠂ ᠤᠯᠠᠨ ᠲᠦᠮᠡᠨ ᠳᠤ ᠰᠢᠭᠤᠳ ᠬᠠᠨᠳᠤᠵᠤ ᠪᠠᠶᠢᠳᠠᠭ᠃ ᠨᠠᠮ ᠤᠨ ᠭᠡᠰᠢᠭᠦᠨ ᠺᠠᠳ᠋ᠷᠴᠤᠳ ᠦᠨᠳᠦᠰᠦᠨ ᠱᠠᠲᠤᠨ ᠤ ᠡᠮᠦᠨ᠎ᠡ ᠹᠷᠣᠨᠲ ᠲᠤ ᠭᠦᠨᠵᠡᠭᠡᠶᠢᠷᠡᠨ᠂ ᠨᠠᠮ ᠤᠨ ᠱᠤᠭᠤᠮ ᠴᠢᠭᠯᠡᠯᠲᠡ ᠲᠦᠷᠦ ᠶᠢᠨ ᠪᠣᠳᠣᠯᠭ᠎ᠠ ᠶᠢᠨ ᠤᠬᠠᠭᠤᠯᠤᠨ ᠲᠠᠶᠢᠯᠪᠤᠷᠢᠯᠠᠯᠲᠠ ᠶᠢ ᠦᠨᠳᠦᠰᠦᠨ ᠱᠠᠲᠤᠨ ᠳᠤ ᠣᠶᠢᠷᠠᠲᠤᠭᠤᠯᠵᠤ᠂ ᠪᠣᠳᠠᠲᠤ ᠪᠠᠶᠢᠳᠠᠯ ᠳᠤ ᠣᠶᠢᠷᠠᠲᠤᠭᠤᠯᠵᠤ᠂ ᠤᠯᠠᠨ ᠲᠦᠮᠡᠨ ᠳᠤ ᠣᠶᠢᠷᠠᠲᠤᠭᠤᠯᠵᠤ᠂ ᠤᠯᠠᠨ ᠲᠦᠮᠡᠨ ᠤ ᠣᠶᠢᠯᠠᠭᠠᠬᠤ ᠳᠤ ᠲᠦᠭᠦᠮ ᠬᠡᠯᠡᠯᠭᠡ ᠪᠠᠷ ᠤᠬᠠᠭᠤᠯᠤᠨ ᠲᠠᠶᠢᠯᠪᠤᠷᠢᠯᠠᠵᠤ᠂ ᠤᠬᠠᠭᠤᠯᠤᠨ ᠲᠠᠶᠢᠯᠪᠤᠷᠢᠯᠠᠬᠤ ᠠᠷᠭ᠎ᠠ ᠭᠡᠯᠪᠡᠷᠢ ᠪᠠ ᠠᠭᠤᠯᠭ᠎ᠠ ᠶᠢ ᠪᠣᠳᠠᠲᠠᠶᠢᠵᠢᠭᠤᠯᠵᠤ᠂ ᠤᠯᠠᠨ ᠲᠦᠮᠡᠨ ᠤ ᠳᠡᠷᠭᠡᠳᠡ ᠬᠦᠷᠴᠦ ᠦᠨᠳᠦᠰᠦᠨ ᠱᠠᠲᠤᠨ ᠳᠤ ᠪᠠᠶᠢᠴᠠᠭᠠᠨ ᠰᠤᠳᠤᠯᠤᠯᠲᠠ ᠬᠢᠵᠦ᠂ ᠠᠷᠠᠳ ᠤᠨ ᠪᠠᠶᠢᠳᠠᠯ ᠢ ᠦᠨᠡᠨ ᠬᠦ ᠣᠶᠢᠯᠠᠭᠠᠨ᠂ ᠠᠷᠠᠳ ᠤᠨ ᠰᠠᠨᠠᠯ ᠢ ᠦᠨᠡᠨ ᠬᠦ ᠰᠣᠨᠣᠰᠴᠤ᠂ ᠠᠷᠠᠳ ᠤᠨ ᠰᠠᠨᠠᠭ᠎ᠠ ᠶᠢ ᠦᠨᠡᠨ ᠬᠦ ᠨᠢᠭᠲᠠᠷᠠᠭᠤᠯᠵᠤ᠂ ᠠᠰᠠᠭᠤᠳᠠᠯ ᠢ ᠰᠡᠳᠬᠢᠯ ᠲᠠᠯᠪᠢᠨ ᠢᠯᠡᠷᠡᠭᠦᠯᠵᠦ᠂ ᠦᠨᠳᠦᠰᠦᠨ ᠱᠠᠲᠤᠨ ᠤ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢᠨ ᠬᠠᠨᠳᠤᠰᠢ ᠶᠢ ᠣᠶᠢᠯᠠᠭᠠᠵᠤ᠂ ᠦᠨᠳᠦᠰᠦᠨ ᠱᠠᠲᠤᠨ ᠤ ᠦᠨᠡᠨ ᠪᠣᠳᠠᠲᠠᠢ ᠬᠥᠭᠵᠢᠯᠲᠡ ᠶᠢᠨ ᠪᠠᠶᠢᠳᠠᠯ ᠢ ᠡᠵᠡᠮᠰᠢᠵᠦ᠂ ᠦᠨᠡᠨ ᠪᠣᠳᠠᠲᠠᠢ ᠠᠩᠬᠠᠨ ᠤ ᠮᠠᠲ᠋ᠧᠷᠢᠶᠠᠯ ᠢ ᠴᠤᠭᠯᠠᠭᠤᠯᠵᠤ᠂ ᠦᠨᠳᠦᠰᠦᠨ ᠱᠠᠲᠤᠨ ᠤ ᠡᠮᠦᠨ᠎ᠡ ᠹᠷᠣᠨᠲ ᠠᠴᠠ ᠠᠰᠠᠭᠤᠳᠠᠯ ᠡᠷᠢᠵᠦ᠂ ᠵᠥᠷᠢᠴᠡᠯ ᠢ ᠴᠤᠬᠤᠶᠢᠯᠳᠠ ᠶᠢᠨ ᠬᠤᠭᠤᠴᠠᠭᠠᠨ ᠳᠤᠨᠢ ᠰᠢᠢᠳᠪᠦᠷᠢᠯᠡᠵᠦ᠂ ᠦᠨᠳᠦᠰᠦᠨ ᠱᠠᠲᠤᠨ ᠤ ᠡᠮᠦᠨ᠎ᠡ ᠹᠷᠣᠨᠲ ᠠᠴᠠ ᠬᠦᠴᠢᠷ ᠠᠰᠠᠭᠤᠳᠠᠯ ᠢ ᠰᠢᠢᠳᠪᠦᠷᠢᠯᠡᠵᠦ᠂ ᠦᠨᠳᠦᠰᠦᠨ ᠱᠠᠲᠤᠨ ᠤ ᠡᠮᠦᠨ᠎ᠡ ᠹᠷᠣᠨᠲ ᠠᠴᠠ ᠨᠠᠶᠢᠳᠠᠪᠤᠷᠢᠵᠢᠭᠤᠯᠤᠯᠲᠠ ᠶᠢ ᠠᠳᠬᠤᠨ᠂ ᠦᠢᠯᠡᠳᠦᠯᠭᠡ ᠳᠤᠮᠳᠠ ᠠᠴᠠ ᠬᠠᠮᠤᠭ ᠤᠨ ᠰᠠᠶᠢᠨ ᠠᠷᠭ᠎ᠠ ᠶᠢ ᠣᠯᠵᠤ᠂ ᠠᠮᠢᠳᠤᠯᠢᠭ ᠲᠤᠷᠰᠢᠯᠭ᠎ᠠ ᠶᠢ ᠬᠡᠷᠡᠭᠯᠡᠵᠦ᠂ ᠰᠢᠢᠳᠪᠦᠷᠢᠯᠡᠵᠦ ᠳᠡᠶᠢᠯᠭᠦ ᠠᠰᠠᠭᠤᠳᠠᠯ ᠢ ᠳᠠᠷᠤᠢ ᠳᠤᠨᠢ ᠰᠢᠢᠳᠪᠦᠷᠢᠯᠡᠵᠦ᠂ ᠳᠠᠷᠤᠢ ᠳᠤᠨᠢ ᠰᠢᠢᠳᠪᠦᠷᠢᠯᠡᠵᠦ ᠳᠡᠶᠢᠯᠭᠦ ᠦᠭᠡᠢ ᠠᠰᠠᠭᠤᠳᠠᠯ ᠢ ᠴᠠᠭ ᠬᠢᠵᠠᠭᠠᠷᠯᠠᠨ ᠰᠢᠢᠳᠪᠦᠷᠢᠯᠡᠪᠡᠯ ᠰᠠᠶ᠋ᠢ ᠨᠠᠮ ᠤᠨ ᠦᠢᠯᠡᠰ ᠤᠨ ᠤᠷᠤᠭᠰᠢ ᠬᠥᠭᠵᠢᠬᠦ ᠶᠢ ᠲᠠᠰᠤᠷᠠᠯᠳᠠ ᠦᠭᠡᠢ ᠠᠬᠢᠭᠤᠯᠵᠤ ᠴᠢᠳᠠᠨ᠎ᠠ᠃ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠠᠷᠠᠳ ᠤᠨ ᠲᠥᠯᠥᠭᠡ ᠵᠢᠳᠬᠦᠬᠦ ᠬᠠᠶᠢᠷ᠎ᠠ ᠰᠡᠳᠬᠢᠯᠭᠡ ᠪᠠᠨ ᠵᠤᠵᠠᠭᠠᠳᠬᠠᠵᠤ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠨ᠂ ᠯᠠᠪᠳᠠᠭᠤᠨ ᠲᠣᠭᠲᠠᠭᠤᠨ ᠢᠶᠠᠷ ᠪᠣᠳᠠᠲᠠᠢ ᠠᠵᠢᠯᠯᠠᠵᠤ᠂ ︽ᠳᠥᠷᠪᠡ ᠶᠢ ᠦᠨᠳᠦᠰᠦᠨ ᠱᠠᠲᠤᠨ ᠳᠤ ᠭᠦᠢᠴᠡᠳᠬᠡᠬᠦ︾᠎ ᠶᠢ ᠣᠯᠠᠨ ᠲᠦᠮᠡᠨ ᠲᠠᠢ ᠨᠢᠭᠲᠠ ᠬᠠᠷᠢᠯᠴᠠᠬᠤ᠂ ᠰᠢᠨ᠎ᠡ ᠴᠠᠭ ᠦᠶ᠎ᠡ ᠶᠢᠨ ᠣᠯᠠᠨ ᠲᠦᠮᠡᠨᠴᠢ ᠱᠤᠭᠤᠮ ᠢᠶᠠᠷ ᠰᠠᠶᠢᠲᠤᠷ ᠵᠠᠮᠨᠠᠬᠤ ᠶᠢᠨ ᠴᠢᠬᠤᠯᠠ ᠡᠷᠳᠡᠨᠢ ᠪᠤᠯᠭᠠᠵᠤ᠂ ᠠᠵᠢᠯ ᠢ ᠨᠠᠶᠢᠳᠠᠪᠤᠷᠢᠵᠢᠭᠤᠯᠬᠤ᠂ ᠠᠷᠠᠳ ᠤᠨ ᠲᠥᠯᠥᠭᠡ ᠤᠴᠢᠷ ᠶᠠᠪᠤᠳᠠᠯ ᠰᠢᠢᠳᠪᠦᠷᠢᠯᠡᠬᠦ ᠶᠢᠨ ᠬᠦᠴᠦᠲᠡᠢ ᠭᠠᠷᠳᠠᠴᠠ ᠪᠤᠯᠭᠠᠵᠦ᠂ ᠦᠨᠳᠦᠰᠦ ᠶᠢ ᠪᠠᠬᠢᠵᠢᠭᠦᠯᠦᠨ ᠰᠠᠭᠤᠷᠢ ᠶᠢ ᠪᠠᠲᠤᠳᠬᠠᠬᠤ᠂ ᠺᠠᠳ᠋ᠷ ᠢ ᠳᠠᠪᠲᠠᠨ ᠪᠤᠯᠪᠠᠰᠤᠷᠠᠭᠤᠯᠬᠤ ᠪᠦᠲᠦᠮᠵᠢᠲᠡᠢ ᠠᠷᠭ᠎ᠠ ᠪᠠᠷᠢᠯ ᠪᠤᠯᠭᠠᠵᠦ᠂ ᠠᠰᠠᠭᠤᠳᠠᠯ ᠢ ᠦᠨᠳᠦᠰᠦᠨ ᠱᠠᠲᠤᠨ ᠳᠤ ᠢᠯᠡᠷᠡᠭᠦᠯᠬᠦ᠂ ᠵᠥᠷᠢᠴᠡᠯ ᠢ ᠦᠨᠳᠦᠰᠦᠨ ᠱᠠᠲᠤᠨ ᠳᠤ ᠰᠢᠢᠳᠪᠦᠷᠢᠯᠡᠬᠦ᠂ ᠴᠢᠳᠠᠪᠤᠷᠢ ᠶᠢ ᠨᠢᠭᠡᠳᠦᠭᠡᠷ ᠹᠷᠣᠨᠲ ᠲᠤ ᠳᠠᠪᠲᠠᠨ ᠪᠤᠯᠪᠠᠰᠤᠷᠠᠭᠤᠯᠬᠤ ᠶᠢ ᠪᠡᠶᠡᠯᠡᠭᠦᠯᠵᠦ᠂ ᠨᠠᠮ ᠤᠨ ᠭᠡᠰᠢᠭᠦᠨ ᠺᠠᠳ᠋ᠷᠴᠤᠳ ᠤᠨ ᠦᠨᠳᠦᠰᠦᠨ ᠱᠠᠲᠤᠨ ᠳᠤ ᠳᠠᠪᠲᠠᠯᠲᠠ ᠎ ᠪᠠᠷ ᠲᠠᠮᠵᠢᠨ᠂ ᠤᠯᠠᠨ ᠲᠦᠮᠡᠨ ᠤ ᠵᠣᠯ ᠵᠢᠷᠭᠠᠯᠲᠤ ᠲᠥᠷᠥᠭᠳᠡᠯ ᠢ ᠨᠡᠮᠡᠭᠳᠡᠭᠦᠯᠦᠨ᠂ ᠰᠢᠯᠢᠳᠡᠭ ᠰᠠᠶᠢᠨ ᠰᠤᠷᠲᠠᠯ ᠢᠶᠠᠷ ᠤᠯᠠᠨ ᠲᠦᠮᠡᠨ ᠤ ᠮᠠᠭᠲᠠᠭᠠᠯ ᠪᠠ ᠢᠲᠡᠭᠡᠯ ᠢ ᠣᠯᠬᠤ ᠪᠠᠷ ᠴᠢᠷᠮᠠᠶᠢᠶ᠎ᠠ︕
 
ᠢᠷᠡᠯᠲᠡ᠄ ᠲᠤᠮᠲᠠᠲᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号