︽ᠡᠵᠢ ᠡᠷᠡᠭᠦᠯ ᠮᠡᠨᠳᠦ ᠶᠢᠨ ᠲᠦᠷᠭᠡᠨ ᠲᠡᠷᠭᠡ︾ ᠨᠡᠶᠢᠲᠡ ᠶᠢᠨ ᠠᠰᠠᠷᠠᠮᠵᠢ ᠶᠢᠨ ᠲᠥᠷᠥᠯ ᠵᠦᠢᠯ ᠡᠯ᠎ᠡ ᠭᠠᠵᠠᠷ ᠤᠨ ᠡᠮᠡᠭᠲᠡᠶᠢᠴᠦᠳ ᠲᠤ ᠦᠷᠭᠦᠯᠵᠢᠯᠡᠨ ᠦᠢᠯᠡᠴᠢᠯᠡᠵᠦ ᠪᠤᠢ
ᠨᠡᠶᠢᠲᠡᠯᠡᠭᠰᠡᠨ ᠴᠠᠭ᠄
2023/12/1
 ︽ᠡᠵᠢ ᠡᠷᠡᠭᠦᠯ ᠮᠡᠨᠳᠦ ᠶᠢᠨ ᠲᠦᠷᠭᠡᠨ ᠲᠡᠷᠭᠡ︾ ᠨᠡᠶᠢᠲᠡ ᠶᠢᠨ ᠠᠰᠠᠷᠠᠮᠵᠢ ᠶᠢᠨ ᠲᠥᠷᠥᠯ ᠵᠦᠢᠯ ᠡᠯ᠎ᠡ ᠭᠠᠵᠠᠷ ᠤᠨ ᠡᠮᠡᠭᠲᠡᠶᠢᠴᠦᠳ ᠲᠤ ᠦᠷᠭᠦᠯᠵᠢᠯᠡᠨ ᠦᠢᠯᠡᠴᠢᠯᠡᠵᠦ ᠪᠤᠢᠰᠤᠷᠪᠤᠯᠵᠢᠯᠠᠬᠴᠢ ᠪᠦᠭᠦ ᠤᠯᠤᠰ ᠤᠨ ᠡᠮᠡᠭᠲᠡᠶᠢᠴᠦᠳ ᠤᠨ ᠬᠤᠯᠪᠤᠭ᠎ᠠ ᠠᠴᠠ ᠣᠶᠢᠯᠠᠭᠠᠭᠰᠠᠨ ᠢᠶᠠᠷ᠂ 13᠎ ᠤ ᠡᠳᠦᠷ᠂ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠠᠴᠠ ᠳᠤᠮᠳᠠᠳᠤ ᠤᠯᠤᠰ ᠤᠨ ᠡᠮᠡᠭᠲᠡᠶᠢᠴᠦᠳ ᠤᠨ ᠬᠥᠭᠵᠢᠯᠲᠡ ᠶᠢᠨ ᠰᠠᠭᠤᠷᠢ ᠮᠥᠩᠭᠦ ᠶᠢᠨ ᠨᠡᠶᠢᠭᠡᠮᠯᠢᠭ ᠲᠤ ᠬᠠᠨᠳᠢᠪᠯᠡᠭ᠌ᠰᠠᠨ ᠰᠢᠨ᠎ᠡ ᠨᠢᠭᠡ ᠪᠦᠯᠦᠭ ᠤᠨ 28 ︽ᠡᠵᠢ ᠡᠷᠡᠭᠦᠯ ᠮᠡᠨᠳᠦ ᠶᠢᠨ ᠲᠦᠷᠭᠡᠨ ᠲᠡᠷᠭᠡ︾ ᠥᠪᠥᠷ ᠮᠣᠩᠭᠤᠯ᠂ ᠾᠧᠪᠧᠢ᠂ ᠴᠦᠩᠴᠢᠩ᠂ ᠭᠦᠢᠵᠧᠦ᠂ ᠵᠢᠶᠠᠩᠰᠢ᠂ ᠰᠧᠴᠤᠸᠠᠨ᠂ ᠭᠠᠨᠰᠤ ᠵᠡᠷᠭᠡ 7 ᠮᠤᠵᠢ ᠣᠷᠣᠨ ᠳᠤ ᠬᠦᠷᠴᠦ᠂ ᠲᠤᠬᠠᠢ ᠶᠢᠨ ᠭᠠᠵᠠᠷ ᠤᠨ ᠡᠮᠡᠭᠲᠡᠶᠢᠴᠦᠳ ᠲᠤ ᠠᠯᠪᠠᠨ ᠵᠢᠷᠤᠮ ᠤᠨ ᠡᠮᠴᠢᠯᠡᠭᠡᠨ ᠤ ᠵᠥᠪᠯᠡᠯᠭᠡ᠂ ᠡᠷᠡᠭᠦᠯ ᠮᠡᠨᠳᠦ ᠶᠢᠨ ᠤᠬᠠᠭᠤᠯᠭ᠎ᠠ ᠬᠥᠮᠦᠵᠢᠯ᠂ ᠵᠢᠷᠮᠦᠰᠦᠨ ᠡᠮᠡᠭᠲᠡᠢ ᠵᠢᠴᠢ ᠬᠦᠨᠳᠦ ᠲᠦᠭᠰᠢᠭᠦᠷᠢᠲᠡᠢ ᠡᠪᠡᠳᠴᠢᠲᠡᠨ ᠢ ᠲᠤᠰᠴᠤ ᠬᠦᠷᠭᠡᠬᠦ ᠵᠡᠷᠭᠡ ᠣᠯᠠᠨ ᠵᠦᠢᠯ ᠤᠨ ᠭᠡᠯᠪᠡᠷᠢ ᠶᠢᠨ ᠡᠷᠡᠭᠦᠯ ᠮᠡᠨᠳᠦ ᠶᠢᠨ ᠦᠢᠯᠡᠴᠢᠯᠡᠭᠡ ᠬᠠᠩᠭᠠᠪᠠ᠃ ᠪᠦᠭᠦ ᠤᠯᠤᠰ ᠤᠨ ᠡᠮᠡᠭᠲᠡᠶᠢᠴᠦᠳ ᠤᠨ ᠬᠤᠯᠪᠤᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠳᠡᠳ᠋ ᠲᠡᠷᠢᠭᠦᠯᠡᠭᠴᠢ᠂ ᠱᠦᠵᠢ ᠨᠠᠷ ᠤᠨ ᠭᠠᠵᠠᠷ ᠤᠨ ᠨᠢᠭᠡᠳᠦᠭᠡᠷ ᠱᠦᠵᠢ ᠬᠤᠸᠠᠩ ᠰᠢᠶᠣᠣ ᠸᠧᠢ ᠢᠯᠡᠷᠬᠡᠶᠢᠯᠡᠬᠦ ᠳᠡᠭᠡᠨ᠂ ᠲᠣᠰ ᠤᠳᠠᠭ᠎ᠠ ᠶᠢᠨ ᠬᠠᠨᠳᠢᠪᠯᠡᠭ᠌ᠰᠠᠨ ᠶᠠᠪᠤᠳᠠᠯ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠭᠦ ᠲᠠᠯ᠎ᠠ ᠪᠠᠷ ᠠᠬᠢᠭᠤᠯᠬᠤ ᠳᠤ ᠬᠦᠴᠦᠨ ᠨᠡᠮᠡᠷᠢᠯᠡᠬᠦ᠂ ᠬᠥᠭᠵᠢᠭᠡᠳᠦᠢ ᠭᠠᠵᠠᠷ ᠣᠷᠣᠨ ᠤ ᠡᠮᠡᠭᠲᠡᠶᠢᠴᠦᠳ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ᠂ ᠬᠦᠴᠢᠷ ᠠᠰᠠᠭᠤᠳᠠᠯ ᠢ ᠰᠢᠢᠳᠪᠦᠷᠢᠯᠡᠵᠦ ᠥᠭᠬᠦ᠂ ᠰᠠᠶᠢᠨ ᠶᠠᠪᠤᠳᠠᠯ ᠬᠢᠵᠦ ᠥᠭᠬᠦ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ ᠮᠥᠨ᠂ ᠡᠮᠡᠭᠲᠡᠶᠢᠴᠦᠳ ᠬᠡᠦᠬᠡᠳ ᠲᠤ ᠦᠨᠡᠨ ᠪᠣᠳᠠᠲᠠᠢ ᠠᠰᠢᠭ ᠬᠦᠷᠲᠡᠭᠡᠬᠦ ᠬᠠᠶᠢᠷ᠎ᠠ ᠬᠠᠯᠠᠮᠵᠢ ᠶᠢᠨ ᠰᠠᠶᠢᠨ ᠠᠵᠢᠯᠯᠠᠭ᠎ᠠ ᠮᠥᠨ᠂ ᠬᠥᠭᠵᠢᠭᠡᠳᠦᠢ ᠭᠠᠵᠠᠷ ᠣᠷᠣᠨ ᠤ ᠡᠮᠡᠭᠲᠡᠶᠢᠴᠦᠳ ᠬᠡᠦᠬᠡᠳ ᠤᠨ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠬᠦ ᠶᠢ ᠠᠬᠢᠭᠤᠯᠬᠤ᠂ ᠡᠷᠡᠭᠦᠯ ᠡᠩᠬᠡ ᠳᠤᠮᠳᠠᠳᠤ ᠤᠯᠤᠰ ᠤᠨ ᠪᠠᠶᠢᠭᠤᠯᠤᠯᠲᠠ ᠶᠢ ᠠᠬᠢᠭᠤᠯᠬᠤ ᠳᠤ ᠠᠯᠤᠰ ᠭᠡᠲᠦ ᠶᠢᠨ ᠠᠴᠢ ᠬᠤᠯᠪᠣᠭᠳᠠᠯ ᠲᠠᠢ ᠶᠤᠮ ᠭᠡᠵᠡᠢ᠃ ᠣᠶᠢᠯᠠᠭᠠᠭᠰᠠᠨ ᠢᠶᠠᠷ᠂ ︽ᠡᠵᠢ ᠡᠷᠡᠭᠦᠯ ᠮᠡᠨᠳᠦ ᠶᠢᠨ ᠲᠦᠷᠭᠡᠨ ᠲᠡᠷᠭᠡ︾ ᠨᠡᠶᠢᠲᠡ ᠶᠢᠨ ᠠᠰᠠᠷᠠᠮᠵᠢ ᠶᠢᠨ ᠲᠥᠷᠥᠯ ᠵᠦᠢᠯ ᠨᠢ ᠲᠡᠷᠭᠡ ᠬᠥᠰᠬᠡ ᠬᠠᠨᠳᠢᠪᠯᠡᠬᠤ᠂ ᠬᠠᠶᠢᠷ᠎ᠠ ᠬᠠᠯᠠᠮᠵᠢ ᠶᠢᠨ ᠲᠣᠭᠤᠷᠢᠨ ᠡᠮᠴᠢᠯᠡᠭᠡ᠂ ᠡᠮᠴᠢ ᠶᠢᠨ ᠪᠣᠯᠪᠠᠰᠤᠷᠠᠭᠤᠯᠤᠯ᠂ ᠬᠤᠶᠠᠷ ᠥᠮᠡᠨ ᠢ ᠰᠡᠷᠭᠡᠶᠢᠯᠡᠨ ᠵᠠᠰᠠᠬᠤ ᠵᠡᠷᠭᠡ ᠨᠢᠭᠡ ᠴᠣᠭᠴᠠᠵᠢᠭᠰᠠᠨ ᠡᠷᠡᠭᠦᠯ ᠮᠡᠨᠳᠦ ᠶᠢᠨ ᠨᠡᠶᠢᠲᠡ ᠶᠢᠨ ᠠᠰᠠᠷᠠᠮᠵᠢ ᠶᠢᠨ ᠦᠢᠯᠡᠴᠢᠯᠡᠭᠡ ᠥᠷᠨᠢᠭᠦᠯᠬᠦ ᠪᠠᠷ ᠳᠠᠮᠵᠢᠭᠤᠯᠤᠨ᠂ ᠡᠮᠡᠭᠲᠡᠶᠢᠴᠦᠳ ᠪᠠ ᠭᠡᠷ ᠪᠦᠯᠢ ᠶᠢᠨ ᠡᠷᠡᠭᠦᠯ ᠮᠡᠨᠳᠦ ᠶᠢᠨ ᠤᠬᠠᠮᠰᠠᠷ ᠢ ᠳᠡᠭᠡᠭᠰᠢᠯᠡᠭᠦᠯᠭᠦ᠂ ᠦᠨᠳᠦᠰᠦᠨ ᠱᠠᠲᠤᠨ ᠤ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠭᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠠᠯ᠎ᠠ ᠪᠠᠷ ᠢᠳᠡᠪᠬᠢᠲᠡᠢ ᠦᠢᠯᠡᠳᠦᠯ ᠦᠵᠡᠭᠦᠯᠪᠡ᠃ 2003 ᠣᠨ ᠠᠴᠠ ᠡᠬᠢᠯᠡᠨ ᠬᠡᠷᠡᠭᠵᠢᠭᠦᠯᠦᠭᠰᠡᠨ ᠠᠴᠠ ᠨᠠᠭᠠᠰᠢ᠂ ᠳᠤᠮᠳᠠᠳᠤ ᠤᠯᠤᠰ ᠤᠨ ᠡᠮᠡᠭᠲᠡᠶᠢᠴᠦᠳ ᠤᠨ ᠬᠥᠭᠵᠢᠯᠲᠡ ᠶᠢᠨ ᠰᠠᠭᠤᠷᠢ ᠮᠥᠩᠭᠦ ᠶᠢᠨ ᠨᠡᠶᠢᠭᠡᠮᠯᠢᠭ ᠠᠴᠠ ᠪᠦᠭᠦ ᠤᠯᠤᠰ ᠤᠨ 30 ᠮᠤᠵᠢ ᠣᠷᠣᠨ ᠤ ᠦᠨᠳᠦᠰᠦᠨ ᠱᠠᠲᠤᠨ ᠤ ᠡᠮᠴᠢᠯᠡᠭᠡᠨ ᠤ ᠨᠢᠭᠡᠴᠢ ᠳᠤ 3094 ︽ᠡᠵᠢ ᠡᠷᠡᠭᠦᠯ ᠮᠡᠨᠳᠦ ᠶᠢᠨ ᠲᠦᠷᠭᠡᠨ ᠲᠡᠷᠭᠡ︾ ᠬᠠᠨᠳᠢᠪᠯᠡᠵᠤ᠂ 8170 ᠲᠦᠮᠡᠨ ᠬᠥᠮᠥᠨ ︵ᠤᠳᠠᠭ᠎ᠠ︶᠎ ᠳᠤ ᠦᠢᠯᠡᠴᠢᠯᠡᠪᠡ᠃
 
ᠢᠷᠡᠯᠲᠡ᠄ ᠲᠤᠮᠲᠠᠲᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号