12 ᠰᠠᠯᠠᠭ᠎ᠠ ᠮᠥᠴᠢᠷ ᠰᠠᠨᠠᠯ ᠨᠡᠶᠢᠲᠡᠯᠡᠵᠦ ᠠᠮᠢᠳᠤᠷᠠᠯ ᠤᠨ ᠦᠢᠯᠡᠴᠢᠯᠡᠭᠡᠨ ᠤ ᠲᠣᠭᠠᠴᠢᠯᠠᠯᠳᠠ ᠶᠢ ᠲᠦᠷᠭᠡᠳᠬᠡᠬᠦ ᠪᠠᠷ ᠪᠤᠶ
ᠨᠡᠶᠢᠲᠡᠯᠡᠭᠰᠡᠨ ᠴᠠᠭ᠄
2023/12/1
12 ᠰᠠᠯᠠᠭ᠎ᠠ ᠮᠥᠴᠢᠷ ᠰᠠᠨᠠᠯ ᠨᠡᠶᠢᠲᠡᠯᠡᠵᠦ ᠠᠮᠢᠳᠤᠷᠠᠯ ᠤᠨ ᠦᠢᠯᠡᠴᠢᠯᠡᠭᠡᠨ ᠤ ᠲᠣᠭᠠᠴᠢᠯᠠᠯᠳᠠ ᠶᠢ ᠲᠦᠷᠭᠡᠳᠬᠡᠬᠦ ᠪᠠᠷ ᠪᠤᠶᠰᠤᠷᠪᠤᠯᠵᠢᠯᠠᠬᠴᠢ 20᠎ ᠤ ᠡᠳᠦᠷ ᠬᠤᠳᠠᠯᠳᠤᠭᠠᠨ ᠤ ᠶᠠᠪᠤᠳᠠᠯ ᠤᠨ ᠶᠠᠮᠤᠨ ᠠᠴᠠ ᠣᠶᠢᠯᠠᠭᠠᠭᠰᠠᠨ ᠢᠶᠠᠷ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠥᠪᠰᠢᠶᠡᠷᠡᠯ ᠢᠶᠠᠷ᠂ ᠬᠤᠳᠠᠯᠳᠤᠭᠠᠨ ᠤ ᠶᠠᠪᠤᠳᠠᠯ ᠤᠨ ᠶᠠᠮᠤᠨ ᠵᠡᠷᠭᠡ 12 ᠰᠠᠯᠠᠭ᠎ᠠ ᠮᠥᠴᠢᠷ ᠬᠠᠮᠲᠤᠷᠠᠨ ᠣᠶᠢᠷ᠎ᠠ ᠳᠤ ︽ᠠᠮᠢᠳᠤᠷᠠᠯ ᠤᠨ ᠦᠢᠯᠡᠴᠢᠯᠡᠭᠡ ᠳᠤ ᠲᠣᠭᠠᠴᠢᠯᠠᠯᠳᠠ ᠪᠠᠷ ᠬᠦᠴᠦᠨ ᠴᠢᠳᠠᠯ ᠨᠡᠮᠡᠷᠢᠯᠡᠬᠦ ᠲᠤᠬᠠᠢ ᠵᠢᠯᠤᠭᠤᠳᠬᠤ ᠰᠠᠨᠠᠯ︾᠎ ᠢ ᠳᠠᠷᠤᠮᠠᠯᠯᠠᠨ ᠲᠠᠷᠬᠠᠭᠠᠵᠤ᠂ ᠲᠣᠭᠠᠴᠢᠯᠠᠯᠳᠠ ᠪᠠᠷ ᠬᠦᠴᠦᠨ ᠴᠢᠳᠠᠯ ᠨᠡᠮᠡᠷᠢᠯᠡᠬᠦ ᠪᠠᠷ ᠳᠠᠮᠵᠢᠨ ᠠᠮᠢᠳᠤᠷᠠᠯ ᠤᠨ ᠦᠢᠯᠡᠴᠢᠯᠡᠭᠡᠨ ᠤ ᠦᠢᠯᠡᠰ ᠤᠨ ᠭᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠵᠤ᠂ ᠲᠣᠭᠠᠴᠢᠯᠠᠭᠰᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠬᠦ ᠪᠠᠷ ᠪᠤᠢ᠃ ᠰᠠᠨᠠᠯ ᠳᠤ ᠠᠮᠢᠳᠤᠷᠠᠯ ᠤᠨ ᠦᠢᠯᠡᠴᠢᠯᠡᠭᠡ ᠶᠢᠨ ᠲᠣᠭᠠᠴᠢᠯᠠᠭᠰᠠᠨ ᠬᠡᠷᠡᠭᠯᠡᠭᠡᠨ ᠤ ᠠᠬᠤᠢ ᠲᠠᠯᠠᠪᠠᠶ ᠶᠢ ᠪᠠᠶᠠᠯᠢᠭᠵᠢᠭᠤᠯᠬᠤ᠂ ᠠᠮᠢᠳᠤᠷᠠᠯ ᠤᠨ ᠦᠢᠯᠡᠴᠢᠯᠡᠭᠡ ᠶᠢᠨ ᠲᠣᠭᠠᠴᠢᠯᠠᠭᠰᠠᠨ ᠬᠥᠭᠵᠢᠯᠲᠡ ᠶᠢᠨ ᠳᠤᠲᠠᠭᠤᠳᠠᠯ ᠢ ᠨᠥᠬᠦᠪᠦᠷᠢᠯᠡᠬᠦ᠂ ᠠᠮᠢᠳᠤᠷᠠᠯ ᠤᠨ ᠦᠢᠯᠡᠴᠢᠯᠡᠭᠡ ᠶᠢᠨ ᠲᠣᠭᠠᠴᠢᠯᠠᠭᠰᠠᠨ ᠬᠥᠭᠵᠢᠯᠲᠡ ᠶᠢᠨ ᠬᠥᠳᠡᠯᠭᠡᠬᠦ ᠴᠢᠳᠠᠪᠤᠷᠢ ᠶᠢ ᠬᠥᠭᠵᠢᠭᠡᠬᠦ᠂ ᠠᠮᠢᠳᠤᠷᠠᠯ ᠤᠨ ᠦᠢᠯᠡᠴᠢᠯᠡᠭᠡ ᠶᠢᠨ ᠲᠣᠭᠠᠴᠢᠯᠠᠭᠰᠠᠨ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠬᠦ᠂ ᠳᠡᠮᠵᠢᠯᠭᠡ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠴᠢᠩᠭᠠᠳᠬᠠᠬᠤ ᠵᠡᠷᠭᠡ 5 ᠲᠠᠯ᠎ᠠ ᠶᠢᠨ ᠲᠣᠭᠤᠷᠢᠨ ᠳᠤ᠂ 19 ᠵᠦᠢᠯ ᠤᠨ ᠪᠣᠳᠠᠲᠠᠢ ᠡᠭᠦᠷᠭᠡ ᠠᠷᠭ᠎ᠠ ᠬᠡᠮᠵᠢᠶ᠎ᠡ ᠶᠢ ᠳᠤᠷᠠᠳᠴᠤ᠂ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡ᠂ ᠵᠠᠮ ᠲᠡᠭᠡᠭᠡᠪᠦᠷᠢ᠂ ᠰᠣᠶᠣᠯ ᠵᠢᠭᠤᠯᠴᠢᠯᠠᠯ᠂ ᠰᠤᠷᠭᠠᠨ ᠬᠥᠮᠦᠵᠢᠯ᠂ ᠡᠮᠴᠢᠯᠡᠭᠡ ᠡᠷᠡᠭᠦᠯ ᠮᠡᠨᠳᠦ ᠵᠡᠷᠭᠡ ᠬᠦᠷᠢᠶᠡᠨ ᠤ ᠲᠣᠭᠠᠴᠢᠯᠠᠭᠰᠠᠨ ᠲᠦᠪᠰᠢᠨ ᠢ ᠴᠢᠨᠠᠭᠰᠢᠳᠠ ᠠᠬᠢᠭᠤᠯᠵᠤ᠂ ᠠᠮᠢᠳᠤᠷᠠᠯ ᠤᠨ ᠦᠢᠯᠡᠴᠢᠯᠡᠭᠡ ᠶᠢᠨ ᠲᠣᠭᠠᠴᠢᠯᠠᠭᠰᠠᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠲᠣᠭᠠᠴᠢᠯᠠᠭᠰᠠᠨ ᠠᠮᠢᠳᠤᠷᠠᠯ ᠤᠨ ᠦᠢᠯᠡᠴᠢᠯᠡᠭᠡ ᠶᠢᠨ ᠨᠡᠶᠢᠭᠡᠮ ᠲᠣᠭᠤᠷᠢᠭ ᠪᠠ ᠵᠡᠭᠡᠯᠢ ᠲᠣᠭᠤᠷᠢᠭ ᠢ ᠪᠠᠶᠢᠭᠤᠯᠵᠤ᠂ ᠠᠮᠢᠳᠤᠷᠠᠯ ᠤᠨ ᠦᠢᠯᠡᠴᠢᠯᠡᠭᠡ ᠎ ᠶᠢᠨ ᠲᠣᠭᠠᠴᠢᠯᠠᠭᠰᠠᠨ ᠪᠠᠷᠢᠮᠵᠢᠶ᠎ᠠ ᠶᠢᠨ ᠰᠢᠰᠲ᠋ᠧᠮ ᠢ ᠪᠠᠶᠢᠭᠤᠯᠵᠤ᠂ ᠠᠮᠢᠳᠤᠷᠠᠯ ᠤᠨ ᠦᠢᠯᠡᠴᠢᠯᠡᠭᠡ ᠶᠢᠨ ᠲᠣᠭᠠᠴᠢᠯᠠᠭᠰᠠᠨ ᠲᠠᠪᠴᠠᠩ᠂ ᠲᠦᠷᠦᠯ ᠲᠡᠮᠳᠡᠭ ᠢ ᠪᠣᠶᠢᠵᠢᠭᠤᠯᠵᠤ᠂ ᠲᠣᠭᠠᠴᠢᠯᠠᠭᠰᠠᠨ ᠮᠡᠷᠭᠡᠵᠢᠯ ᠤᠨ ᠬᠡᠷᠡᠭᠯᠡᠯᠲᠡ᠂ ᠲᠣᠭᠠᠴᠢᠯᠠᠭᠰᠠᠨ ᠮᠥᠩᠭᠦᠨ ᠭᠦᠢᠯᠭᠡᠭᠡ ᠶᠢᠨ ᠲᠤᠯᠭᠠᠭᠤᠷᠢᠯᠠᠯ ᠪᠠ ᠲᠣᠭᠠᠴᠢᠯᠠᠭᠰᠠᠨ ᠴᠢᠳᠠᠪᠤᠷᠢᠲᠠᠨ ᠢ ᠬᠥᠮᠥᠵᠢᠭᠦᠯᠬᠦ ᠎ ᠶᠢ ᠴᠢᠩᠭᠠᠳᠬᠠᠵᠤ᠂ ᠲᠣᠭᠠᠴᠢᠯᠠᠯᠲᠠ ᠪᠠᠷ ᠠᠮᠢᠳᠤᠷᠠᠯ ᠤᠨ ᠦᠢᠯᠡᠴᠢᠯᠡᠭᠡᠨ ᠤ ᠦᠢᠯᠡᠰ ᠢ ᠴᠢᠨᠠᠷᠯᠢᠭ ᠪᠠ ᠣᠯᠠᠨ ᠶᠠᠩᠵᠤᠵᠢᠯᠲᠠ ᠲᠡᠶᠢᠰᠢ ᠲᠠᠰ ᠳᠡᠪᠰᠢᠭᠦᠯᠵᠦ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠨᠠᠩ ᠰᠠᠶᠢᠲᠤᠷ ᠬᠠᠩᠭᠠᠨ᠎ᠠ᠃ ᠬᠤᠳᠠᠯᠳᠤᠭᠠᠨ ᠤ ᠶᠠᠪᠤᠳᠠᠯ ᠤᠨ ᠶᠠᠮᠤᠨ ᠤ ᠦᠢᠯᠡᠴᠢᠯᠡᠭᠡ ᠶᠢᠨ ᠠᠷᠠᠯᠵᠢᠶᠠᠨ ᠤ ᠵᠤᠷᠭᠠᠨ ᠤ ᠬᠠᠷᠢᠭᠤᠴᠠᠯᠭᠠᠲᠠᠨ᠂ ᠲᠠᠷᠠᠭᠠᠴᠢ ᠶᠢᠨ ᠠᠯᠬᠤᠮ ᠳᠤ᠂ ᠬᠤᠳᠠᠯᠳᠤᠭᠠᠨ ᠤ ᠶᠠᠪᠤᠳᠠᠯ ᠤᠨ ᠶᠠᠮᠤᠨ ᠡᠯ᠎ᠡ ᠰᠠᠯᠠᠭ᠎ᠠ ᠮᠥᠴᠢᠷ᠂ ᠡᠯ᠎ᠡ ᠭᠠᠵᠠᠷ ᠣᠷᠣᠨ ᠲᠠᠢ ᠬᠠᠮᠲᠤᠷᠠᠨ ᠪᠢᠴᠢᠭ ᠮᠠᠲ᠋ᠧᠷᠢᠶᠠᠯ ᠢ ᠨᠠᠶᠢᠳᠠᠪᠤᠷᠢᠵᠢᠭᠤᠯᠬᠤ ᠪᠠ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠠᠮᠢᠳᠤᠷᠠᠯ ᠤᠨ ᠦᠢᠯᠡᠴᠢᠯᠡᠭᠡᠨ ᠤ ᠦᠢᠯᠡᠰ ᠤᠨ ᠲᠣᠭᠠᠴᠢᠯᠠᠯᠳᠠ ᠲᠡᠶᠢᠰᠢ ᠭᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠵᠤ᠂ ᠬᠡᠷᠡᠭᠯᠡᠭᠡ ᠶᠢ ᠠᠬᠢᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠲᠠᠯ᠎ᠠ ᠪᠠᠷ ᠬᠢ ᠠᠮᠢᠳᠤᠷᠠᠯ ᠤᠨ ᠦᠢᠯᠡᠴᠢᠯᠡᠭᠡᠨ ᠤ ᠦᠢᠯᠡᠰ ᠤᠨ ᠴᠢᠬᠤᠯᠠ ᠦᠢᠯᠡᠳᠦᠯ ᠢ ᠪᠠᠳᠠᠷᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤ ᠨᠠᠩ ᠰᠠᠶᠢᠲᠤᠷ ᠦᠢᠯᠡᠴᠢᠯᠡᠨ᠎ᠡ ᠭᠡᠵᠦ ᠢᠯᠡᠳᠬᠡᠪᠡ᠃
 
ᠢᠷᠡᠯᠲᠡ᠄ ᠲᠤᠮᠲᠠᠲᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号