ᠮᠠᠨ ᠤ ᠣᠷᠣᠨ ᠤ 4 ᠰᠠᠯᠠᠭ᠎ᠠ ᠮᠥᠴᠢᠷ ᠬᠠᠮᠲᠤᠷᠠᠨ ᠵᠠᠮ ᠬᠠᠷᠢᠯᠴᠠᠭᠠᠨ ᠤ ᠴᠠᠭ ᠠᠭᠤᠷ ᠤᠨ ᠦᠢᠯᠡᠴᠢᠯᠡᠭᠡᠨ ᠤ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠵᠤ ᠪᠤᠢ
ᠨᠡᠶᠢᠲᠡᠯᠡᠭᠰᠡᠨ ᠴᠠᠭ᠄
2023/12/1
ᠮᠠᠨ ᠤ ᠣᠷᠣᠨ ᠤ 4 ᠰᠠᠯᠠᠭ᠎ᠠ ᠮᠥᠴᠢᠷ ᠬᠠᠮᠲᠤᠷᠠᠨ ᠵᠠᠮ ᠬᠠᠷᠢᠯᠴᠠᠭᠠᠨ ᠤ ᠴᠠᠭ ᠠᠭᠤᠷ ᠤᠨ ᠦᠢᠯᠡᠴᠢᠯᠡᠭᠡᠨ ᠤ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠵᠤ ᠪᠤᠢᠣᠶᠢᠷ᠎ᠠ ᠳᠤ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠲᠣᠪᠴᠢᠶ᠎ᠠ ᠪᠣᠯᠣᠨ ᠥᠪᠡᠷᠲᠡᠭᠡᠨ ᠵᠠᠰᠠᠬᠤ ᠣᠷᠣᠨ ᠎ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠣᠪᠴᠢᠶ᠎ᠠ᠂ ᠥᠪᠥᠷ ᠮᠣᠩᠭᠤᠯ ᠤᠨ ᠵᠠᠮ ᠬᠠᠷᠢᠯᠴᠠᠭᠠᠨ ᠤ ᠪᠦᠯᠦᠭᠯᠡᠯ ᠤᠨ ᠬᠢᠵᠠᠭᠠᠷᠲᠤ ᠺᠤᠮᠫᠠᠨᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠪᠠ᠃ ᠵᠥᠪᠯᠡᠯᠴᠡᠭᠡᠷ ᠲᠤ 4 ᠰᠠᠯᠠᠭ᠎ᠠ ᠮᠥᠴᠢᠷ ᠬᠠᠮᠲᠤᠷᠠᠨ ᠵᠠᠰᠠᠮᠠᠯ ᠵᠠᠮ ᠤᠨ ᠵᠠᠮ ᠬᠠᠷᠢᠯᠴᠠᠭᠠᠨ ᠤ ᠴᠠᠭ ᠠᠭᠤᠷ ᠤᠨ ᠠᠵᠢᠭᠯᠠᠯᠲᠠ ᠶᠢᠨ ᠥᠷᠲᠡᠭᠡ ᠲᠣᠣᠷ ᠤᠨ ᠲᠥᠯᠦᠪᠵᠢᠭᠦᠯᠭᠡ ᠶᠢᠨ ᠠᠵᠢᠯ ᠥᠷᠨᠢᠭᠦᠯᠵᠦ᠂ ᠵᠠᠮ ᠬᠠᠷᠢᠯᠴᠠᠭᠠᠨ ᠤ ᠴᠠᠭ ᠠᠭᠤᠷ ᠤᠨ ᠠᠵᠢᠭᠯᠠᠯᠲᠠ ᠶᠢᠨ ᠥᠷᠲᠡᠭᠡ ᠲᠣᠣᠷ ᠢ ᠱᠠᠲᠤ ᠦᠶ᠎ᠡ᠂ ᠪᠦᠯᠦᠭ ᠤᠳᠠᠭ᠎ᠠ ᠬᠤᠪᠢᠶᠠᠨ ᠪᠦᠲᠦᠭᠡᠨ ᠪᠠᠶᠢᠭᠤᠯᠵᠤ᠂ ᠪᠦᠭᠦ ᠣᠷᠣᠨ ᠤ ᠵᠠᠰᠠᠮᠠᠯ ᠵᠠᠮ ᠤᠨ ᠵᠠᠮ ᠬᠠᠷᠢᠯᠴᠠᠭᠠᠨ ᠤ ᠭᠠᠮᠰᠢᠭ ᠤᠨ ᠴᠢᠨᠠᠷᠲᠠᠢ ᠴᠠᠭ ᠠᠭᠤᠷ ᠢ ᠬᠢᠨᠠᠨ ᠬᠡᠮᠵᠢᠬᠦ ᠴᠢᠳᠠᠪᠤᠷᠢ ᠶᠢ ᠲᠠᠭᠡᠭᠰᠢᠯᠡᠭᠦᠯᠦᠨ᠎ᠠ; ᠦᠷ᠎ᠡ ᠨᠥᠯᠥᠭᠡ ᠪᠠ ᠠᠬᠤᠢ ᠲᠠᠯᠠᠪᠠᠢ ᠳᠤ ᠰᠠᠭᠤᠷᠢᠯᠠᠭᠰᠠᠨ ᠣᠶᠤᠨᠲᠤ ᠵᠠᠮ ᠬᠠᠷᠢᠯᠴᠠᠭ᠎ᠠ ᠶᠢᠨ ᠴᠠᠭ ᠠᠭᠤᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠭᠠᠵᠤ ᠬᠠᠮᠢᠶᠠᠷᠤᠨ ᠡᠵᠡᠮᠳᠡᠬᠦ ᠦᠢᠯᠡᠴᠢᠯᠡᠭᠡᠨ ᠤ ᠲᠠᠪᠴᠠᠩ ᠢ ᠬᠠᠮᠲᠤᠷᠠᠨ ᠪᠠᠶᠢᠭᠤᠯᠵᠤ᠂ ᠲᠦᠷᠭᠡᠨ ᠤ ᠵᠠᠰᠠᠮᠠᠯ ᠵᠠᠮ ᠤᠨ ᠴᠢᠬᠤᠯᠠ ᠵᠠᠮ ᠎ ᠤᠨ ᠬᠡᠰᠡᠭ ᠢ ᠬᠥᠳᠡᠯᠦᠩᠭᠦᠢ ᠪᠠᠷ ᠬᠢᠨᠠᠨ ᠬᠡᠮᠵᠢᠵᠦ ᠰᠡᠷᠡᠮᠵᠢᠯᠡᠭᠦᠯᠭᠦ ᠶᠢ ᠴᠢᠩᠭᠠᠳᠬᠠᠨ᠂ ᠳᠣᠲᠣᠭᠠᠳᠤ ᠶᠢ ᠬᠠᠮᠠᠭᠠᠯᠠᠬᠤ᠂ ᠵᠠᠮ ᠬᠠᠷᠢᠯᠴᠠᠭ᠎ᠠ᠂ ᠴᠠᠭ ᠠᠭᠤᠷ ᠤᠨ ᠲᠤᠭ᠎ᠠ ᠪᠠᠷᠢᠮᠲᠠ ᠶᠢᠨ ᠬᠠᠷᠢᠯᠴᠠᠨ ᠨᠡᠪᠲᠡᠷᠡᠬᠦ ᠵᠠᠮ ᠢ ᠰᠢᠯᠤᠭᠤᠳᠬᠠᠵᠤ᠂ ᠲᠤᠭ᠎ᠠ ᠪᠠᠷᠢᠮᠲᠠ ᠶᠢᠨ ᠪᠠᠷᠢᠮᠵᠢᠶ᠎ᠠ ᠶᠢ ᠨᠢᠭᠡᠳᠬᠡᠨ ᠵᠢᠷᠤᠮᠵᠢᠭᠤᠯᠵᠤ ᠠᠮᠤᠷ ᠲᠦᠪᠰᠢᠨ ᠢᠶᠠᠷ ᠬᠠᠮᠲᠤ ᠪᠠᠷ ᠡᠳ᠋ᠯᠡᠬᠦ ᠶᠢ ᠪᠡᠶᠡᠯᠡᠭᠦᠯᠦᠨ᠎ᠡ; ᠭᠠᠮᠰᠢᠭ ᠤᠨ ᠲᠦᠭᠰᠢᠭᠦᠷᠢ ᠶᠢ ᠨᠡᠶᠢᠳᠡᠮ ᠪᠠᠶᠢᠴᠠᠭᠠᠵᠤ ᠦᠨᠡᠯᠡᠨ ᠵᠢᠱᠢᠬᠦ ᠪᠠ ᠲᠦᠭᠰᠢᠭᠦᠷᠢ ᠶᠢᠨ ᠣᠷᠣᠨ ᠤ ᠬᠤᠪᠢᠶᠠᠷᠢᠯᠠᠯ᠂ ᠵᠠᠰᠠᠮᠠᠯ ᠵᠠᠮ ᠤᠨ ᠵᠠᠮ ᠬᠠᠷᠢᠯᠴᠠᠭᠠᠨ ᠤ ᠵᠢᠷᠤᠭ ᠲᠥᠯᠥᠪᠯᠡᠭᠡ ᠎ ᠶᠢᠨ ᠪᠠᠷᠢᠮᠵᠢᠶ᠎ᠠ ᠪᠠ ᠵᠢᠷᠤᠮᠵᠢᠯ ᠢ ᠬᠡᠷᠡᠭᠯᠡᠨ᠂ ᠠᠭᠤᠷ ᠠᠮᠢᠰᠬᠤᠯ ᠤᠨ ᠪᠣᠯᠣᠮᠵᠢᠲᠤ ᠴᠢᠨᠠᠷ ᠤᠨ ᠨᠤᠲᠠᠯᠠᠯᠲᠠ ᠶᠢ ᠬᠠᠮᠵᠢᠯᠴᠠᠨ ᠥᠷᠨᠢᠭᠦᠯᠵᠦ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠪᠠᠲᠤᠯᠠᠭ᠎ᠠ ᠶᠢ ᠴᠢᠩᠭᠠᠳᠬᠠᠨ᠎ᠠ;ᠴᠠᠭ ᠠᠭᠤᠷ ᠤᠨ ᠰᠡᠷᠡᠮᠵᠢ ᠶᠢᠨ ᠲᠠᠰ ᠢᠶᠠᠷ ᠤᠳᠤᠷᠢᠳᠤᠮᠵᠢ ᠪᠤᠯᠭᠠᠬᠰᠠᠨ ᠰᠠᠯᠠᠭ᠎ᠠ ᠮᠥᠴᠢᠷ ᠤᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ᠣᠷᠣᠨ ᠪᠦᠰᠡ ᠬᠤᠪᠢᠶᠠᠨ ᠭᠤᠣᠯᠳᠠᠯᠭᠠᠲᠤ ᠵᠠᠮ ᠤᠨ ᠬᠡᠰᠡᠭ ᠤᠨ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠠᠵᠢᠯ ᠤᠨ ᠲᠥᠰᠥᠯ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠵᠢᠴᠢ ᠵᠠᠮ ᠬᠠᠷᠢᠯᠴᠠᠭ᠎ᠠ ᠶᠢ ᠵᠠᠬᠢᠷᠤᠨ ᠬᠠᠮᠢᠶᠠᠷᠬᠤ ᠬᠡᠷᠡᠭᠵᠢᠭᠦᠯᠬᠦ ᠨᠠᠷᠢᠨ ᠳᠦᠷᠢᠮ ᠢ ᠲᠣᠭᠲᠠᠭᠠᠵᠤ᠂ ᠪᠠᠴᠢᠮ ᠪᠠᠶᠢᠳᠠᠯ ᠢ ᠠᠷᠭᠠᠴᠠᠭᠠᠵᠤ ᠬᠠᠮᠢᠶᠠᠷᠤᠨ ᠡᠵᠡᠮᠳᠡᠬᠦ ᠲᠠᠪᠴᠠᠩ ᠳᠤ ᠲᠦᠰᠢᠭᠯᠡᠨ ᠬᠠᠮᠲᠤᠷᠠᠨ ᠵᠢᠵᠢᠭᠦᠷᠯᠡᠵᠦ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ᠎ᠠ ᠭᠡᠵᠦ ᠲᠣᠭᠲᠠᠵᠠᠢ᠃ ᠵᠥᠪᠯᠡᠯᠴᠡᠭᠡᠷ ᠲᠤ ᠲᠣᠭᠲᠠᠭᠰᠠᠨ ᠢᠶᠠᠷ᠂ 4 ᠰᠠᠯᠠᠭ᠎ᠠ ᠮᠥᠴᠢᠷ ᠤᠨ ᠬᠢᠨ ᠡᠮᠦᠨᠡᠬᠢ ᠬᠤᠭᠤᠴᠠᠭᠠᠨ ᠤ ᠬᠠᠮᠲᠤᠷᠠᠯᠴᠠᠭᠠᠨ ᠤ ᠲᠤᠷᠰᠢᠯᠭ᠎ᠠ ᠶᠢᠨ ᠦᠷ᠎ᠡ ᠪᠦᠲᠦᠭᠡᠯ ᠢᠶᠠᠨ ᠴᠢᠨᠠᠭᠰᠢᠳᠠ ᠪᠠᠬᠢᠵᠢᠭᠦᠯᠵᠦ᠂ ᠲᠤᠬᠠᠶᠢᠯᠠᠭᠰᠠᠨ ᠠᠵᠢᠯ ᠎ ᠤᠨ ᠦᠢᠯᠡᠴᠢᠯᠡᠭᠡᠨ ᠤ ᠶᠠᠪᠤᠴᠠ ᠶᠢ ᠰᠢᠯᠢᠳᠡᠭᠵᠢᠭᠦᠯᠦᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠯ ᠤᠨ ᠡᠷᠴᠢᠮ ᠢ ᠴᠢᠩᠭᠠᠷᠠᠭᠤᠯᠵᠤ᠂ ᠵᠠᠮ ᠬᠠᠷᠢᠯᠴᠠᠭ᠎ᠠ ᠬᠢᠭᠡᠳ ᠴᠠᠭ ᠠᠭᠤᠷ ᠤᠨ ᠲᠤᠭ᠎ᠠ ᠪᠠᠷᠢᠮᠲᠠ ᠎ ᠶᠢ ᠬᠠᠮᠲᠤ ᠪᠠᠷ ᠡᠳ᠋ᠯᠡᠬᠦ ᠪᠠ ᠠᠭᠤᠰᠤᠯᠴᠠᠭᠤᠯᠤᠨ ᠬᠡᠷᠡᠭᠯᠡᠬᠦ ᠶᠢ ᠴᠢᠩᠭᠠᠳᠬᠠᠨ᠂ ᠵᠠᠮ ᠬᠠᠷᠢᠯᠴᠠᠭᠠᠨ ᠤ ᠴᠠᠭ ᠠᠭᠤᠷ ᠎ ᠤᠨ ᠦᠢᠯᠡᠴᠢᠯᠡᠭᠡᠨ ᠤ ᠵᠠᠭᠪᠤᠷ ᠢ ᠬᠦᠴᠦᠯᠡᠨ ᠴᠣᠭᠴᠠᠯᠠᠬᠤ ᠪᠣᠯᠣᠨ᠎ᠠ᠃  
 
ᠢᠷᠡᠯᠲᠡ᠄ ᠲᠤᠮᠲᠠᠲᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号