ᠮᠠᠨ ᠤ ᠣᠷᠣᠨ ᠤ 167 ᠬᠥᠮᠥᠨ ᠴᠢᠰᠤ ᠪᠦᠲᠦᠭᠡᠬᠦ ᠰᠤᠷᠪᠤᠯᠵᠢ ᠡᠰ ᠢᠶᠠᠨ ᠬᠠᠨᠳᠢᠪᠯᠡᠪᠠ | ᠰᠢᠯᠢ ᠶᠢᠨ ᠭᠤᠣᠯ ᠠᠶᠢᠮᠠᠭ ᠠᠴᠠ ᠢᠷᠡᠭᠰᠡᠨ ᠤᠯᠠᠭᠠᠨ ᠵᠠᠭᠠᠯᠮᠠᠶᠢᠲᠠᠨ ᠤ ᠰᠠᠶᠢᠨ ᠳᠤᠷᠠᠴᠢᠨ ᠽᠦᠸᠧ ᠠᠪᠤᠭᠠᠢ | ᠭᠦᠭᠡᠬᠤᠳᠠ ᠳᠤ ᠲᠦᠷᠦᠭᠦᠬᠡᠨ ᠴᠢᠰᠤ ᠪᠦᠲᠦᠭᠡᠬᠦ ᠰᠤᠷᠪᠤᠯᠵᠢ ᠡᠰ ᠤᠨ ᠬᠥᠪᠥᠮᠡᠯ ᠰᠢᠩᠭᠡᠨ ᠢᠶᠠᠨ ᠬᠠᠨᠳᠢᠪᠯᠡᠵᠤ᠂ | ᠨᠢᠭᠡ ᠴᠢᠰᠤᠨ ᠤ ᠡᠪᠡᠳᠴᠢᠲᠡᠨ ᠤ ᠠᠮᠢ ᠨᠠᠰᠤ ᠶᠢ ᠠᠪᠤᠷᠠᠵᠤ᠂ ᠮᠠᠨ ᠤ ᠣᠷᠣᠨ ᠤ 167 ᠳ᠋ᠤᠭᠠᠷ ᠴᠢᠰᠤ | ᠪᠦᠲᠦᠭᠡᠬᠦ ᠰᠤᠷᠪᠤᠯᠵᠢ ᠡᠰ ᠢᠶᠠᠨ ᠬᠠᠨᠳᠢᠪᠯᠡᠭ᠌ᠴᠢ ᠪᠣᠯᠪᠠ᠃ | ᠣᠶᠢᠯᠠᠭᠠᠭᠰᠠᠨ ᠢᠶᠠᠷ᠂ ᠡᠨᠡ ᠵᠢᠯ 40 ᠨᠠᠰᠤᠲᠠᠢ ᠽᠦᠸᠧ ᠠᠪᠤᠭᠠᠢ ᠪᠣᠯ ᠦᠨᠳᠦᠰᠦᠨ ᠱᠠᠲᠤᠨ ᠤ ᠨᠢᠭᠡᠨ ᠴᠠᠭᠢᠯᠭᠠᠨ | ᠬᠦᠴᠦᠨ ᠤ ᠠᠵᠢᠯᠲᠠᠨ ᠪᠣᠯᠣᠨ᠎ᠠ᠂ ᠲᠡᠷᠡ ᠠᠵᠢᠯ ᠦᠢᠯᠡᠰ ᠤᠨ ᠢᠶᠠᠨ ᠲᠠᠯ᠎ᠠ ᠳᠤ ᠴᠠᠭᠢᠯᠭᠠᠨ ᠬᠦᠴᠦᠨ ᠤ | ᠲᠣᠭᠲᠠᠭᠤᠨ ᠬᠠᠩᠭᠠᠯᠭ᠎ᠠ ᠶᠢ ᠪᠠᠲᠤᠯᠠᠬᠤ ᠶᠢᠨ ᠲᠥᠯᠥᠭᠡ ᠴᠢᠷᠮᠠᠶᠢᠨ ᠠᠵᠢᠯᠯᠠᠵᠤ᠂ ᠨᠦᠭᠦᠭᠡ ᠲᠠᠯ᠎ᠠ ᠪᠠᠷ ᠪᠠᠰᠠ | ᠦᠨ᠎ᠡ ᠲᠥᠯᠥᠪᠦᠷᠢ ᠦᠭᠡᠢ ᠪᠠᠷ ᠴᠢᠰᠤ ᠪᠠᠨ ᠬᠠᠨᠳᠢᠪᠯᠡᠬᠤ ᠶᠢ ᠪᠠᠷᠢᠮᠲᠠᠯᠠᠭᠰᠠᠭᠠᠷ ᠢᠷᠡᠵᠠᠢ᠃ ᠨᠢᠳᠤᠨᠤᠨ ᠨᠢᠭᠡ | ᠤᠳᠠᠭ᠎ᠠ ᠦᠨ᠎ᠡ ᠲᠥᠯᠥᠪᠦᠷᠢ ᠦᠭᠡᠢ ᠪᠠᠷ ᠴᠢᠰᠤ ᠬᠠᠨᠳᠢᠪᠯᠡᠬᠤ ᠦᠶᠡᠰ᠂ ᠤᠯᠠᠭᠠᠨ ᠵᠠᠭᠠᠯᠮᠠᠶᠢᠳᠠᠨ ᠤ ᠠᠵᠢᠯᠲᠠᠳ | ᠲᠡᠭᠦᠨ ᠳᠤ ᠴᠢᠰᠤ ᠪᠦᠲᠦᠭᠡᠬᠦ ᠰᠤᠷᠪᠤᠯᠵᠢ ᠡᠰ ᠢᠶᠠᠨ ᠬᠠᠨᠳᠢᠪᠯᠡᠬᠤ ᠲᠤᠬᠠᠢ ᠮᠡᠳᠡᠯᠭᠡ ᠶᠢ ᠲᠦᠭᠡᠮᠡᠯᠵᠢᠭᠦᠯᠵᠦ᠂ ᠲᠡᠷᠡ | ᠥᠴᠥᠬᠡᠨ ᠴᠦ ᠲᠠᠲᠠᠭᠠᠯᠵᠠᠯ ᠦᠭᠡᠢ ᠪᠠᠷ ᠴᠢᠰᠤᠨ ᠤ ᠶᠠᠩᠵᠤ ᠪᠠᠨ ᠦᠯᠡᠳᠡᠭᠡᠵᠦ᠂ ᠳᠤᠮᠳᠠᠳᠤ ᠶᠢᠨ ᠴᠢᠮᠦᠭᠡ ᠶᠢᠨ | ᠬᠥᠮᠥᠷᠭᠡ ᠳᠤ ᠳᠠᠩᠰᠠᠯᠠᠭᠤᠯᠪᠠ᠃ ᠲᠠᠨᠢᠯᠴᠠᠭᠤᠯᠤᠭᠰᠠᠨ ᠢᠶᠠᠷ᠂ ᠣᠳᠣᠬᠠᠨ ᠪᠤᠯᠲᠠᠯ᠎ᠠ᠂ ᠪᠦᠭᠦ ᠣᠷᠣᠨ ᠳᠤ ᠨᠡᠶᠢᠲᠡ | 58739 ᠤᠯᠠᠭᠠᠨ ᠵᠠᠭᠠᠯᠮᠠᠶᠢᠲᠠᠨ ᠤ ᠰᠠᠶᠢᠨ ᠳᠤᠷᠠᠴᠤᠳ ᠳᠤᠮᠳᠠᠳᠤ ᠶᠢᠨ ᠴᠢᠮᠦᠭᠡ ᠶᠢᠨ ᠬᠥᠮᠥᠷᠭᠡ ᠳᠤ | ᠳᠠᠩᠰᠠᠯᠠᠭᠤᠯᠵᠤ᠂ ᠨᠡᠶᠢᠳᠡ 167 ᠬᠥᠮᠥᠨ ᠴᠢᠰᠤ ᠪᠦᠲᠦᠭᠡᠬᠦ ᠰᠤᠷᠪᠤᠯᠵᠢ ᠡᠰ ᠢᠶᠠᠨ ᠬᠠᠨᠳᠢᠪᠯᠡᠵᠤ᠂ ᠪᠦᠭᠦ ᠣᠷᠣᠨ | ᠤ ᠴᠢᠰᠤ ᠪᠦᠲᠦᠭᠡᠬᠦ ᠰᠤᠷᠪᠤᠯᠵᠢ ᠡᠰ ᠬᠠᠨᠳᠢᠪᠯᠡᠬᠤ ᠠᠵᠢᠯ 12 ᠠᠶᠢᠮᠠᠭ ᠬᠤᠲᠠ ᠶᠢ ᠬᠠᠮᠤᠷᠤᠭᠰᠠᠨ ᠪᠠᠶᠢᠨ᠎ᠠ᠃ ︽ | ᠨᠠᠩ ᠣᠯᠠᠨ ᠬᠠᠯᠠᠭᠤᠨ ᠰᠡᠳᠬᠢᠯᠲᠦ ᠬᠥᠮᠥᠰ ᠰᠠᠶᠢᠨ ᠳᠤᠷ᠎ᠠ ᠠᠴᠠ ᠪᠠᠨ ᠦᠨ᠎ᠡ ᠲᠥᠯᠥᠪᠦᠷᠢ ᠦᠭᠡᠢ ᠪᠠᠷ ᠴᠢᠰᠤ | ᠪᠠᠨ ᠬᠠᠨᠳᠢᠪᠯᠡᠬᠤ ᠶᠢᠨ ᠬᠠᠮᠲᠤ 8 ᠠᠴᠠ 10 ᠮᠢᠯᠢᠯᠢᠲᠷ ᠴᠢᠰᠤᠨ ᠤ ᠶᠠᠩᠵᠤ ᠪᠠᠨ ᠦᠯᠡᠳᠡᠭᠡᠵᠦ᠂ ᠴᠢᠰᠤ | ᠪᠦᠲᠦᠭᠡᠬᠦ ᠰᠤᠷᠪᠤᠯᠵᠢ ᠡᠰ ᠢᠶᠠᠨ ᠬᠠᠨᠳᠢᠪᠯᠡᠬᠤ ᠡᠩᠨᠡᠭᠡᠨ ᠳᠤ ᠣᠷᠣᠯᠴᠠᠵᠤ᠂ ᠴᠢᠰᠤᠨ ᠤ ᠡᠪᠡᠳᠴᠢᠲᠡᠨ ᠤ ᠠᠮᠢ | ᠨᠠᠰᠤ ᠶᠢ ᠠᠪᠤᠷᠠᠬᠤ ᠶᠢ ᠬᠦᠰᠡᠵᠦ ᠪᠠᠶᠢᠨ᠎ᠠ︾ ᠭᠡᠵᠦ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ | ᠨᠡᠶᠢᠭᠡᠮᠯᠢᠭ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠡᠯᠡᠯ᠎ᠡ᠃ |