ᠪᠦᠭᠦ ᠣᠷᠣᠨ ᠤ ᠠᠬᠠᠮᠠᠳ ᠴᠡᠷᠢᠭ ᠤᠨ ᠤᠬᠠᠭᠤᠯᠤᠨ ᠲᠠᠶᠢᠯᠪᠤᠷᠢᠯᠠᠬᠤ ᠪᠦᠯᠭᠦᠮ ᠤᠨ ᠲᠤᠰᠬᠠᠢ ᠰᠡᠳᠦᠪᠲᠦ ᠪᠣᠯᠪᠠᠰᠤᠷᠠᠯ ᠶᠠᠪᠤᠭᠳᠠᠪᠠ
ᠨᠡᠶᠢᠲᠡᠯᠡᠭᠰᠡᠨ ᠴᠠᠭ᠄
2023/12/1
ᠪᠦᠭᠦ ᠣᠷᠣᠨ ᠤ ᠠᠬᠠᠮᠠᠳ ᠴᠡᠷᠢᠭ ᠤᠨ ᠤᠬᠠᠭᠤᠯᠤᠨ ᠲᠠᠶᠢᠯᠪᠤᠷᠢᠯᠠᠬᠤ ᠪᠦᠯᠭᠦᠮ ᠤᠨ ᠲᠤᠰᠬᠠᠢ ᠰᠡᠳᠦᠪᠲᠦ ᠪᠣᠯᠪᠠᠰᠤᠷᠠᠯ ᠶᠠᠪᠤᠭᠳᠠᠪᠠᠡᠯ᠎ᠡ ᠱᠠᠲᠤᠨ ᠤ ᠠᠬᠠᠮᠠᠳ ᠴᠡᠷᠢᠭ ᠤᠨ ᠤᠬᠠᠭᠤᠯᠤᠨ ᠲᠠᠶᠢᠯᠪᠤᠷᠢᠯᠠᠬᠤ ᠪᠦᠯᠭᠦᠮ ᠤᠨ ᠪᠦᠷᠢᠯᠳᠦᠭᠦᠨ ᠤ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠬᠠᠮᠠᠳ ᠴᠡᠷᠢᠭ ᠤᠨ ᠤᠬᠠᠭᠤᠯᠤᠨ ᠲᠠᠶᠢᠯᠪᠤᠷᠢᠯᠠᠬᠤ ᠦᠢᠯᠡᠳᠦᠯᠭᠡ ᠶᠢᠨ ᠠᠵᠢᠯᠯᠠᠭ᠎ᠠ ᠶᠢᠨ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠬᠤ ᠶᠢᠨ ᠲᠥᠯᠥᠭᠡ᠂ ᠲᠦᠷᠦᠭᠦᠬᠡᠨ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ᠂ ᠥᠪᠡᠷᠲᠡᠭᠡᠨ ᠵᠠᠰᠠᠬᠤ ᠣᠷᠣᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠢᠩᠬᠢᠮ ᠠᠴᠠ ᠪᠦᠭᠦ ᠣᠷᠣᠨ ᠤ ᠠᠬᠠᠮᠠᠳ ᠴᠡᠷᠢᠭ ᠤᠨ ᠤᠬᠠᠭᠤᠯᠤᠨ ᠲᠠᠶᠢᠯᠪᠤᠷᠢᠯᠠᠬᠤ ᠪᠦᠯᠭᠦᠮ ᠤᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠤ ᠰᠢᠨ᠎ᠡ ᠴᠠᠭ ᠦᠶ᠎ᠡ ᠶᠢᠨ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠢ ᠪᠠᠬᠢᠵᠢᠭᠦᠯᠬᠦ︾ ᠲᠤᠰᠬᠠᠢ ᠰᠡᠳᠦᠪᠲᠦ ᠪᠣᠯᠪᠠᠰᠤᠷᠠᠯ ᠡᠷᠭᠢᠯᠡᠪᠡ᠃ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠭᠤᠷᠪᠠᠨ ᠱᠠᠲᠤᠨ ᠤ ᠠᠬᠠᠮᠠᠳ ᠴᠡᠷᠢᠭ ᠤᠨ ᠤᠬᠠᠭᠤᠯᠤᠨ ᠲᠠᠶᠢᠯᠪᠤᠷᠢᠯᠠᠬᠤ ᠪᠦᠯᠭᠦᠮ ᠤᠨ ᠭᠤᠣᠯᠯᠠᠭᠴᠢ ᠪᠦᠷᠢᠯᠳᠦᠭᠦᠨ᠂ ᠠᠶᠢᠮᠠᠭ ᠬᠤᠲᠠ ᠶᠢᠨ ᠨᠠᠮ ᠤᠨ ᠬᠤᠷᠢᠶ᠎ᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠨᠠᠷᠢᠨ ᠪᠢᠴᠢᠭ ᠤᠨ ᠪᠠᠶᠢᠭᠤᠯᠤᠮᠵᠢ ᠶᠢᠨ ᠠᠬᠠᠮᠠᠳ ᠴᠡᠷᠢᠭ ᠤᠨ ᠤᠬᠠᠭᠤᠯᠤᠨ ᠲᠠᠶᠢᠯᠪᠤᠷᠢᠯᠠᠬᠤ ᠦᠢᠯᠡᠳᠦᠯᠭᠡ ᠶᠢᠨ ᠠᠵᠢᠯᠯᠠᠭ᠎ᠠ ᠶᠢ ᠬᠠᠷᠢᠭᠤᠴᠠᠵᠤ ᠪᠠᠶᠢᠭ᠎ᠠ ᠬᠥᠮᠥᠰ᠂ ᠪᠦᠭᠦ ᠣᠷᠣᠨ ᠤ ︽ᠬᠠᠮᠤᠭ ᠤᠨ ᠭᠤᠶᠣ ᠴᠡᠷᠢᠭ ᠤᠨ ᠠᠯᠪᠠ ᠠᠴᠠ ᠬᠠᠯᠠᠭᠳᠠᠭᠰᠠᠳ︾᠎ ᠤᠨ ᠲᠥᠯᠥᠭᠡᠯᠡᠭᠴᠢ ᠵᠡᠷᠭᠡ 70 ᠭᠠᠷᠤᠢ ᠬᠥᠮᠥᠨ ᠪᠣᠯᠪᠠᠰᠤᠷᠠᠯ ᠳᠤ ᠣᠷᠣᠯᠴᠠᠵᠠᠢ᠃ ᠪᠣᠯᠪᠠᠰᠤᠷᠠᠯ ᠨᠢ ᠲᠥᠪᠯᠡᠷᠡᠭᠦᠯᠦᠨ ᠬᠢᠴᠢᠶᠡᠯ ᠣᠷᠣᠬᠤ ᠭᠡᠯᠪᠡᠷᠢ ᠪᠠᠷ ᠶᠠᠪᠤᠭᠳᠠᠵᠤ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠲᠤᠰᠬᠠᠢ ᠮᠡᠷᠭᠡᠵᠢᠯᠲᠡᠨ ᠫᠷᠤᠹᠧᠰᠰᠤᠷ ᠢ ᠤᠷᠢᠵᠤ᠂ ᠰᠢ ᠶᠢᠨ ᠫᠢᠩ ᠤᠨ ᠴᠡᠷᠢᠭ ᠢᠶᠠᠨ ᠬᠦᠴᠦᠷᠬᠡᠭᠵᠢᠭᠦᠯᠬᠦ ᠦᠵᠡᠯ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠰᠤᠷᠤᠯᠴᠠᠨ ᠲᠤᠭᠤᠰᠢᠯᠠᠭᠤᠯᠬᠤ ᠶᠢᠨ ᠲᠣᠭᠤᠷᠢᠨ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠢᠶᠠᠷ ᠭᠤᠣᠯᠳᠠᠭᠤᠯᠵᠤ᠂ ᠰᠢᠨ᠎ᠡ ᠴᠠᠭ ᠦᠶ᠎ᠡ ᠶᠢᠨ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠢ ᠪᠠᠬᠢᠵᠢᠭᠦᠯᠵᠦ᠂ ᠤᠨᠤᠯ ᠢᠶᠠᠷ ᠵᠡᠪᠰᠡᠭᠯᠡᠬᠦ ᠡᠴᠦᠰ ᠤᠨ ᠨᠢᠭᠡ ᠺᠢᠯᠣᠮᠧᠲᠷ ᠢ ᠨᠡᠪᠲᠡᠷᠡᠭᠦᠯᠬᠦ ᠵᠡᠷᠭᠡ ᠠᠭᠤᠯᠭ᠎ᠠ ᠪᠠᠷ ᠬᠠᠪᠰᠤᠷᠤᠨ ᠵᠢᠯᠤᠭᠤᠳᠬᠤ ᠪᠠ ᠰᠤᠳᠤᠯᠤᠨ ᠶᠠᠷᠢᠯᠴᠠᠵᠤ ᠲᠥᠷᠥᠭᠳᠡᠯ ᠢᠶᠠᠨ ᠰᠣᠯᠢᠯᠴᠠᠪᠠ᠃ ᠲᠤᠰ ᠤᠳᠠᠭᠠᠨ ᠤ ᠪᠣᠯᠪᠠᠰᠤᠷᠠᠯ ᠨᠢ ᠴᠠᠭ ᠲᠠᠭᠠᠨ ᠲᠣᠬᠢᠷᠠᠵᠤ᠂ ᠭᠤᠣᠯ ᠰᠡᠳᠦᠪ ᠨᠢ ᠢᠯᠡ ᠲᠣᠳᠣ᠂ ᠠᠭᠤᠯᠭ᠎ᠠ ᠨᠢ ᠪᠠᠶᠠᠯᠢᠭ ᠪᠠᠶᠢᠵᠤ᠂ ᠪᠣᠯᠪᠠᠰᠤᠷᠠᠯ ᠤᠨ ᠬᠠᠷᠠᠯᠲᠠ ᠳᠠᠭᠠᠨ ᠬᠦᠷᠴᠡᠢ ᠭᠡᠵᠦ ᠪᠣᠯᠪᠠᠰᠤᠷᠠᠯ ᠳᠤ ᠣᠷᠣᠯᠴᠠᠭᠰᠠᠳ ᠢᠯᠡᠳᠬᠡᠵᠡᠭᠡᠪᠡ᠃ ᠳᠠᠷᠠᠭᠠᠴᠢ ᠪᠠᠷ᠂ ᠠᠬᠠᠮᠠᠳ ᠴᠡᠷᠢᠭ ᠤᠨ ᠤᠬᠠᠭᠤᠯᠤᠨ ᠲᠠᠶᠢᠯᠪᠤᠷᠢᠯᠠᠬᠤ ᠪᠦᠯᠭᠦᠮ ᠤᠨ ᠪᠦᠷᠢᠯᠳᠦᠭᠦᠨ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠤᠬᠠᠭᠤᠯᠤᠨ ᠲᠠᠶᠢᠯᠪᠤᠷᠢᠯᠠᠬᠤ ᠠᠵᠢᠯ ᠳᠤᠮᠳᠠ ᠪᠠᠨ ᠬᠤᠪᠢᠷᠠᠭᠤᠯᠤᠨ ᠬᠡᠷᠡᠭᠯᠡᠬᠦ ᠪᠠᠷ ᠴᠢᠷᠮᠠᠶᠢᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠵᠡᠷᠭᠡ ᠭᠤᠣᠯᠳᠠᠯᠭ᠎ᠠ ᠲᠠᠢ ᠠᠭᠤᠯᠭ᠎ᠠ ᠶᠢ ᠤᠬᠠᠭᠤᠯᠤᠨ ᠲᠠᠶᠢᠯᠪᠤᠷᠢᠯᠠᠬᠤ ᠭᠤᠣᠯ ᠰᠡᠳᠦᠪ ᠲᠡᠭᠡᠨ ᠠᠭᠤᠰᠬᠠᠵᠤ᠂ ᠤᠬᠠᠭᠤᠯᠤᠨ ᠲᠠᠶᠢᠯᠪᠤᠷᠢᠯᠠᠬᠤ ᠬᠦᠴᠦᠨ ᠪᠠ ᠨᠥᠯᠥᠭᠡᠯᠡᠬᠦ ᠬᠦᠴᠦᠨ ᠢ ᠨᠡᠮᠡᠭᠳᠡᠭᠦᠯᠵᠦ ᠂ ︽ᠠᠬᠠᠮᠠᠳ ᠴᠡᠷᠢᠭ︾᠎ ᠤᠨ ᠬᠤᠪᠢ ᠪᠠᠷ᠂ ︽ᠠᠬᠠᠮᠠᠳ ᠴᠡᠷᠢᠭ︾᠎ ᠤᠨ ᠬᠠᠷᠠᠭᠠᠰᠤ᠂ ︽ᠠᠬᠠᠮᠠᠳ ᠴᠡᠷᠢᠭ︾ ᠎ ᠤᠨ ᠦᠭᠡ ᠭᠡᠯᠡ ᠪᠠᠷ᠂ ︽ᠠᠬᠠᠮᠠᠳ ᠴᠡᠷᠢᠭ︾᠎ ᠤᠨ ᠦᠯᠢᠭᠡᠷ ᠢ ᠰᠠᠶᠢᠲᠤᠷ ᠶᠠᠷᠢᠵᠤ᠂ ︽ᠴᠡᠷᠢᠭ ᠢᠶᠠᠨ ᠬᠦᠷᠢᠶᠡᠯᠡᠨ ᠭᠡᠷ ᠪᠦᠯᠢ ᠶᠢ ᠨᠢ ᠬᠠᠷᠠᠭᠠᠯᠵᠠᠬᠤ᠂ ᠵᠠᠰᠠᠭ ᠢᠶᠠᠨ ᠬᠦᠷᠢᠶᠡᠯᠡᠨ ᠠᠷᠠᠳ ᠢᠶᠠᠨ ᠬᠠᠶᠢᠷᠠᠯᠠᠬᠤ︾ ᠨᠡᠶᠢᠭᠡᠮ ᠤᠨ ᠠᠭᠤᠷ ᠠᠮᠢᠰᠬᠤᠯ ᠢ ᠪᠤᠢ ᠪᠤᠯᠭᠠᠵᠤ᠂ ᠪᠦᠭᠦ ᠣᠷᠣᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠠᠬᠠᠮᠠᠳ ᠴᠡᠷᠢᠭ ᠤᠨ ᠬᠤᠪᠢ ᠨᠡᠮᠡᠷᠢ ᠶᠢ ᠦᠵᠡᠭᠦᠯᠭᠦ ᠪᠣᠯᠣᠨ᠎ᠠ ᠭᠡᠵᠦ ᠢᠯᠡᠳᠬᠡᠵᠡᠭᠡᠪᠡ᠃
 
ᠢᠷᠡᠯᠲᠡ᠄ ᠲᠤᠮᠲᠠᠲᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号