ᠤᠳᠤᠮ ᠲᠠᠮᠵᠢᠭᠰᠠᠠ ᠠᠳᠤᠭᠤᠴᠢᠡ ᠠᠶᠢᠯ ᠤᠨ ᠦᠯᠢᠭᠡᠷ ᠤᠴᠢᠷᠯᠠᠯ | — ᠪᠠᠷᠠᠭᠤᠨ ᠦᠵᠦᠮᠦᠴᠢᠨ ᠬᠤᠰᠢᠭᠤᠨ ᠤ ᠭᠤᠷᠪᠠᠨ ᠦᠶ᠎ᠡ ᠪᠠᠷ ᠢᠶᠠᠨ ᠠᠳᠤᠭᠤ ᠮᠠᠯᠵᠢᠭᠰᠠᠨ ᠮᠠᠯᠴᠢᠨ ᠠᠶᠢᠯ ᠢ | ᠲᠡᠮᠳᠡᠭᠯᠡᠪᠡ | ᠡᠩ ᠦᠷᠭᠡᠨ ᠦᠵᠦᠮᠦᠴᠢᠨ ᠤ ᠲᠠᠯ᠎ᠠ ᠨᠤᠳᠤᠭ ᠮᠦᠩᠭᠦᠨ ᠴᠠᠭᠠᠨ ᠬᠤᠶᠠᠭ ᠬᠡᠳᠦᠷᠴᠤ᠂ ᠬᠤᠯᠬᠤᠨᠠᠢ ᠠᠭᠤᠯᠠ ᠶᠢᠨ | ᠡᠩᠭᠡᠷ ᠲᠠᠪᠤᠰᠤᠳᠤ ᠨᠠᠭᠤᠷ ᠤᠨ ᠬᠦᠪᠡᠭᠡᠨ ᠳᠤ ᠰᠦᠷᠦᠭ ᠴᠠᠭᠠᠨ ᠠᠳᠤᠭᠤᠳ ᠰᠠᠯᠬᠢ ᠲᠠᠳᠠᠭᠤᠯᠤᠨ ᠲᠤᠪᠳᠤᠯᠬᠤ ᠳᠤ | ᠠᠳᠤᠭᠤᠨ ᠤ ᠬᠡᠶᠢᠮᠦᠷᠢ ᠲᠠᠢ ᠨᠤᠳᠤᠭ ᠤᠨᠴᠠ ᠶᠢᠨ ᠲᠤᠯᠠᠭᠠᠬᠠᠠ ᠰᠠᠨᠠᠭᠳᠠᠨ᠎ᠠ᠃ ᠬᠠᠨᠭ᠍ᠬᠠᠭᠠᠷ ᠰᠠᠶᠢᠬᠠᠨ ᠪᠡᠶ᠎ᠡ ᠲᠠᠢ᠂ | ᠨᠢᠳᠤᠨ ᠳᠤ ᠪᠠᠨ ᠴᠤᠭ ᠲᠠᠢ᠂ ᠦᠪᠴᠢ ᠪᠡᠶ᠎ᠡ ᠦᠩᠭᠡ ᠶᠢᠨ ᠵᠤᠪᠴᠠᠭ᠎ᠠ ᠪᠠᠷ ᠭᠤᠶᠤᠯᠠᠨ᠂ ᠰᠠᠷᠠᠯ ᠮᠤᠷᠢ ᠪᠠᠨ | ᠵᠠᠶᠢᠳᠠᠯᠠᠵᠤ᠂ ᠲᠠᠯ᠎ᠠ ᠶᠢᠨ ᠲᠤᠮᠳᠠ ᠲᠠᠪᠠᠳᠠᠢ ᠪᠡᠯᠴᠢᠭᠡ ᠴᠠᠭᠠᠨ ᠠᠳᠤᠭᠤ ᠪᠠᠨ ᠬᠤᠷᠢᠶᠠᠵᠤ ᠪᠠᠶᠢᠭ᠎ᠠ ᠡᠨᠡ ᠵᠠᠯᠠᠭᠤ | ᠪᠤᠯ ᠪᠠᠷᠠᠭᠤᠨ ᠦᠵᠦᠮᠦᠴᠢᠨ ᠬᠤᠰᠢᠭᠤᠨ ᠤ ᠤᠯᠠᠭᠠᠨᠬᠠᠭᠠᠯᠭ᠎ᠠ ᠰᠤᠮᠤᠨ ᠤ ᠡᠷᠬᠡᠳᠤᠡᠤᠪᠤᠭᠠ ᠭᠠᠴᠠᠭ᠎ᠠ ᠶᠢᠨ ᠵᠠᠯᠠᠭᠤ | ᠮᠠᠯᠴᠢᠨ ᠤᠶᠤᠨᠳᠠᠯᠠᠢ ᠪᠤᠯᠤᠨ᠎ᠠ᠃ | ᠬᠠᠷᠠᠬᠠᠨ ᠪᠠᠭ᠎ᠠ ᠠᠴᠠ ᠪᠠᠨ ᠠᠳᠤᠭᠤ ᠲᠠᠢ ᠤᠶᠢᠷᠠᠬᠠᠠ ᠦᠰᠴᠤ᠂ ᠠᠬᠠᠮᠠᠳ ᠲᠤᠮᠤᠭᠠᠳᠠᠳ ᠠᠴᠠ ᠪᠠᠨ ᠮᠤᠩᠭᠤᠯ | ᠬᠦᠮᠦᠨ ᠪᠤᠯᠤᠨ ᠮᠤᠷᠢᠨ ᠤ ᠲᠤᠬᠠᠢ ᠬᠤᠪᠢ ᠪᠠᠷᠢᠯᠳᠤᠯᠭ᠎ᠠ᠂ ᠦᠯᠢᠭᠡᠷ ᠲᠡᠤᠬᠡ ᠶᠢ ᠰᠤᠨᠤᠰᠴᠤ ᠦᠰᠦᠭᠰᠡᠨ ᠡᠨᠡ | ᠵᠠᠯᠠᠭᠤ ᠮᠤᠷᠢᠨ ᠳᠤ ᠬᠤᠷᠤᠬᠠᠢ ᠲᠠᠢ ᠪᠠᠶᠢᠵᠤ᠂ 2017 ᠤᠨ ᠳᠤ ᠦᠪᠦᠷ ᠮᠤᠩᠭᠤᠯ ᠤᠨ ᠲᠠᠷᠢᠶᠠᠯᠠᠩ ᠤᠨ ᠶᠡᠭᠡ | ᠰᠤᠷᠭᠠᠭᠤᠯᠢ ᠠᠴᠠ ᠲᠡᠭᠦᠰᠦᠭᠰᠡᠨ ᠤ ᠲᠠᠷᠠᠭ᠎ᠠ ᠬᠦᠳᠡᠭᠡ ᠨᠤᠳᠤᠭ ᠲᠤ ᠪᠠᠨ ᠪᠤᠴᠠᠵᠤ ᠮᠠᠯᠴᠢᠨ ᠵᠠᠶᠠᠭ᠎ᠠ ᠲᠦᠰᠢᠭᠰᠡᠨ | ᠪᠠᠶᠢᠨ᠎ᠠ᠃ ︽ᠴᠠᠭᠠᠨ ᠠᠳᠤᠭᠤ ᠪᠤᠯ ᠮᠤᠩᠭᠤᠯ ᠠᠳᠤᠭᠤ ᠶᠢᠨ ᠡᠭᠦᠯᠳᠡᠷ ᠤᠨ ᠨᠢᠭᠡ᠂ ᠪᠤᠰᠤᠳ ᠮᠤᠩᠭᠤᠯ | ᠠᠳᠤᠭᠤ ᠠᠴᠠ ᠤᠨᠴᠠᠯᠢᠭᠳᠠᠬᠤ ᠵᠦᠢᠯ ᠪᠤᠯ ᠴᠡᠭᠡ ᠨᠢ ᠶᠡᠭᠡ ᠰᠢᠮ᠎ᠡ ᠲᠠᠢ᠂ ᠡᠮ ᠳᠤ ᠤᠷᠤᠳᠠᠭ᠂ ᠪᠠᠰᠠ ᠴᠠᠭᠠᠨ | ᠠᠳᠤᠭᠤᠨ ᠤ ᠲᠠᠯ᠎ᠠ ᠰᠤᠳᠠᠰᠤ᠂ ᠬᠦᠭᠡ ᠮᠢᠬ᠎ᠠ ᠶᠢ ᠲᠠᠭᠠᠭᠠᠳ ᠨᠢᠯᠴᠠᠭᠠᠢ ᠤᠯᠠᠭᠠᠨ ᠨᠦᠵᠢ ᠪᠠᠶᠢᠳᠠᠭ᠂ ᠡᠨᠡ | ᠨᠦᠵᠢ ᠨᠢ ᠪᠤᠰᠤᠳ ᠠᠳᠤᠭᠤᠨ ᠳᠤ ᠪᠠᠶᠢᠬᠤ ᠦᠭᠡᠢ᠂ ᠮᠢᠬᠠᠨ ᠲᠤᠳᠤᠷ᠎ᠠ ᠪᠠᠶᠢᠬᠤ ᠶᠢ ᠨᠢ ᠪᠠᠬᠢ ᠭᠡᠵᠤ ᠶᠠᠷᠢᠳᠠᠭ᠂ | ᠲᠡᠷᠡ ᠪᠠᠬᠢ ᠠᠴᠠ ᠪᠤᠯᠵᠤ ᠴᠠᠭᠠᠨ ᠠᠳᠤᠭᠤ ᠲᠠᠭᠠᠭᠠᠴᠠ ᠲᠠᠢ ᠴᠢᠳᠠᠯ ᠲᠠᠢ ᠭᠡᠵᠤ ᠨᠠᠰᠤᠳᠠᠶᠢᠴᠤᠳ ᠶᠠᠷᠢᠳᠠᠭ᠃ | ᠰᠢᠨᠵᠢᠯᠡᠬᠦ ᠤᠬᠠᠭᠠᠨ ᠤ ᠲᠠᠯ᠎ᠠ ᠠᠴᠠ ᠦᠪᠦᠷ ᠮᠤᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠮᠠᠩᠯᠠᠢ | ᠫᠷᠤᠹᠰᠰᠤᠷ ᠰᠤᠳᠤᠯᠭᠠᠨ ᠳᠤ ᠪᠠᠨ ᠴᠠᠭᠠᠨ ᠠᠳᠤᠭᠤᠨ ᠤ ᠰᠦ ᠲᠤᠳᠤᠷ᠎ᠠ ᠤᠨᠴᠠᠭᠠᠢ ᠲᠦᠷᠦᠯ ᠤᠨ ᠭᠧᠨ | ᠠᠭᠤᠯᠤᠭᠳᠠᠵᠤ᠂ ᠡᠪᠡᠳᠴᠢᠨ ᠵᠠᠰᠠᠬᠤ ᠦᠢᠯᠡᠳᠦᠯ ᠤᠨ ᠲᠤᠬᠠᠢ ᠶᠠᠷᠢᠵᠤ ᠪᠠᠶᠢᠭᠰᠠᠠ︾ ᠭᠡᠵᠤ ᠤᠶᠤᠨᠳᠠᠯᠠᠢ ᠴᠠᠭᠠᠨ | ᠠᠳᠤᠭᠤᠨ ᠤ ᠤᠨᠴᠠᠯᠢᠭ ᠰᠢᠨᠵᠢ᠂ ᠮᠢᠬ᠎ᠠ ᠰᠦᠨ ᠤ ᠠᠰᠢᠭ ᠰᠢᠮ᠎ᠡ ᠶᠢ ᠲᠠᠨᠢᠯᠴᠠᠭᠤᠯᠤᠨ ᠶᠠᠷᠢᠬᠤ ᠪᠠᠷ ᠴᠠᠭᠠᠨ | ᠠᠳᠤᠭᠤᠨ ᠳᠤ ᠨᠡᠬᠡᠷᠡᠨ ᠬᠠᠶᠢᠷᠠᠳᠠᠢ ᠪᠠᠶᠢᠭ᠎ᠠ ᠨᠢ ᠭᠠᠳᠠᠷᠯᠠᠭᠳᠠᠨ᠎ᠠ᠃ ᠠᠳᠤᠭᠤᠠ ᠳᠤ ᠬᠠᠶᠢᠷᠠᠳᠠᠢ ᠡᠨᠡ ᠵᠠᠯᠠᠭᠤ ᠶᠢᠨ | ᠴᠠᠭᠠᠨ ᠠᠳᠤᠭᠤᠨ ᠤ ᠲᠤᠬᠠᠢ ᠬᠤᠪᠢ ᠪᠠᠷᠢᠯᠳᠤᠯᠭ᠎ᠠ ᠶᠢ ᠶᠠᠷᠢᠪᠠᠯ᠂ ᠲᠡᠭᠦᠨ ᠤ ᠡᠪᠦᠭᠡ ᠠᠪᠤ ᠶᠢᠨ ᠭᠢᠨᠢ ᠦᠶ᠎ᠠ ᠠᠴᠠ | ᠶᠠᠷᠢᠬᠤ ᠤᠴᠢᠷᠳᠠᠢ᠃ | ᠤᠶᠤᠨᠳᠠᠯᠠᠢ ᠶᠢᠨ ᠡᠪᠦᠭᠡ ᠠᠪᠤ ᠲᠠᠩᠭ᠎ᠠ ᠭᠡᠵᠤ ᠲᠡᠭᠡᠷ᠎ᠡ ᠵᠠᠭᠤᠨ ᠤ ᠨᠠᠶᠠᠭᠠᠳ ᠤᠨ ᠤ ᠦᠶ᠎ᠡ ᠳᠤ ᠪᠠᠷᠢᠭᠠᠳᠠ ᠶᠢᠨ | ᠬᠠᠮᠳᠤ ᠶᠢᠨ ᠠᠳᠤᠭᠤ ᠶᠢ ᠬᠠᠷᠢᠭᠤᠯᠵᠤ ᠪᠠᠶᠢᠵᠠᠢ᠃ ︽ᠲᠤᠬᠠᠢ ᠶᠢᠨ ᠦᠶ᠎ᠡ ᠳᠤ ᠪᠠᠷᠢᠭᠠᠳᠠ ᠶᠢᠨ ᠠᠳᠤᠭᠤ ᠲᠠᠪᠤ | ᠵᠢᠷᠭᠤᠭᠠᠨ ᠵᠠᠭᠤ ᠪᠠᠶᠢᠭᠰᠠᠨ ᠭᠡᠵᠤ ᠶᠠᠷᠢᠳᠠᠭ᠂ ᠲᠡᠭᠡᠭᠡᠳ ᠨᠠᠶᠠᠭᠠᠳ ᠤᠨ ᠤ ᠦᠶ᠎ᠡ ᠪᠠᠷ ᠨᠤᠳᠤᠭ ᠪᠡᠯᠴᠢᠭᠡᠷ᠂ ᠮᠠᠯ | ᠤᠨᠤᠭ᠎ᠠ ᠶᠢ ᠬᠤᠪᠢᠳᠠᠨ ᠲᠠᠭᠠᠭᠠᠴᠢᠯᠠᠬᠤ ᠦᠶᠡᠰ᠂ ᠡᠪᠦᠭᠡ ᠠᠪᠤ ᠠᠷᠪᠠᠨ ᠬᠡᠳᠦᠨ ᠴᠠᠭᠠᠨ ᠠᠳᠤᠭᠤ ᠬᠤᠪᠢᠳᠠᠵᠤ | ᠤᠯᠤᠭᠰᠠᠨ ᠪᠠᠶᠢᠨ᠎ᠠ︾ ᠭᠡᠵᠤ ᠤᠶᠤᠨᠳᠠᠯᠠᠢ ᠠᠪᠤ ᠠᠴᠠ ᠪᠠᠨ ᠰᠤᠨᠤᠰᠴᠤ ᠲᠤᠭᠤᠯᠤᠭᠰᠠᠨ ᠢᠶᠠᠨ ᠡᠷᠬᠢᠴᠡᠬᠦᠯᠦᠨ | ᠶᠠᠷᠢᠨ᠎ᠠ᠃ ᠲᠠᠩᠭ᠎ᠠ ᠭᠤᠸᠠᠢ ᠠᠵᠢᠯᠴᠢ ᠬᠦᠳᠡᠯᠮᠦᠷᠢᠴᠢ ᠪᠠᠶᠢᠵᠤ᠂ ᠮᠠᠯ ᠰᠦᠷᠦᠭ ᠢᠶᠠᠨ ᠰᠠᠶᠢᠬᠠᠨ ᠡᠳ᠋ᠯᠡᠵᠤ | ᠲᠤᠳᠤᠮᠳᠠᠨ᠂ ᠬᠢᠷᠠᠬᠠᠢ ᠤᠬᠠᠭᠠᠨ ᠢᠷᠮᠡᠬᠦᠨ ᠬᠦᠳᠡᠯᠮᠦᠷᠢ ᠪᠠᠷ ᠢᠶᠠᠨ ᠮᠠᠯ ᠰᠦᠷᠦᠭ ᠢᠶᠠᠨ ᠦᠨᠢᠷ ᠦᠰᠭᠡᠵᠤ᠂ | ᠡᠳᠡᠨ ᠤ ᠬᠢᠨ ᠮᠢᠩᠭᠠᠳᠤ ᠶᠢᠨ ᠡᠷᠦᠬᠡ ᠪᠠᠷ ᠴᠤᠯᠠᠯᠠᠬᠳᠠᠬᠰᠠᠨ ᠢᠶᠠᠷ ᠪᠠᠷᠠᠬᠤ ᠦᠬᠡᠢ ᠲᠠᠩᠭ᠎ᠠ ᠭᠤᠸᠠᠢ ᠴᠦ ᠤᠷᠢᠳ | ᠬᠤᠵᠢᠳ ᠬᠤᠰᠢᠭᠤᠨ ᠤ ᠠᠷᠠᠳ ᠤᠨ ᠲᠦᠯᠦᠭᠡᠯᠡᠭᠴᠢ᠂ ᠬᠦᠳᠡᠯᠮᠦᠷᠢ ᠶᠢᠨ ᠵᠢᠱᠢᠶᠡᠴᠢ ᠵᠡᠷᠭᠡ ᠤᠯᠠᠠ ᠰᠠᠶᠢᠬᠠᠠ | ᠢᠷᠠᠭᠤ ᠠᠯᠳᠠᠷ ᠢᠶᠠᠷ ᠡᠩᠭᠡᠷ ᠢᠶᠠᠨ ᠮᠢᠯᠢᠶᠠᠯᠭᠠᠵᠤ ᠪᠠᠶᠢᠪᠠ᠃ | ᠲᠡᠭᠡᠷ᠎ᠡ ᠵᠠᠭᠤᠨ ᠤ ᠨᠠᠶᠠᠭᠠᠳ ᠤᠨ ᠤ ᠰᠡᠬᠦᠯᠴᠢ ᠶᠡᠷᠡᠭᠡᠳ ᠤᠨ ᠤ ᠡᠬᠢ ᠪᠠᠷ᠂ ᠴᠠᠭᠠᠨ ᠠᠳᠤᠭᠤᠨ ᠤ ᠮᠢᠬ᠎ᠠ | ᠰᠦ ᠨᠢ ᠦᠨ᠎ᠡ ᠬᠦᠷᠬᠦ ᠦᠭᠡᠢ ᠪᠤᠯᠵᠤ᠂ ᠴᠠᠭᠠᠨ ᠠᠳᠤᠭᠤ ᠮᠠᠯᠵᠢᠬᠤ ᠡᠷᠦᠬᠡ ᠴᠦᠬᠡᠷᠡᠵᠤ᠂ ᠴᠠᠭᠠᠨ ᠠᠳᠤᠭᠤᠨ ᠤ | ᠲᠤᠭ᠎ᠠ ᠴᠤ ᠵᠢᠯ ᠲᠤᠰᠤᠮ ᠪᠠᠭᠠᠰᠤᠭᠰᠠᠨ ᠪᠠᠶᠢᠨ᠎ᠠ᠃ ᠭᠡᠪᠡᠴᠦ ᠴᠠᠭᠠᠨ ᠠᠳᠤᠭᠤᠨ ᠤ ᠮᠢᠬ᠎ᠠ ᠰᠦ ᠶᠢᠨ ᠠᠰᠢᠭ | ᠰᠢᠮ᠎ᠡ ᠠᠴᠠ ᠰᠤᠶᠤᠯ ᠤᠨ ᠦᠨ᠎ᠡ ᠦᠷᠳᠡᠭ ᠢ ᠴᠠᠭᠠᠨ᠎ᠠ ᠨᠢ ᠭᠠᠷᠳᠠᠯ᠎ᠠ ᠤᠶᠢᠯᠠᠭᠠᠵᠤ ᠮᠡᠳᠡᠳᠡᠭ ᠲᠠᠩᠭ᠎ᠠ ᠭᠤᠸᠠᠢ | ᠤᠷᠤᠰᠬᠠᠯ ᠲᠠᠭᠠᠵᠤ᠂ ᠴᠠᠭᠠᠨ ᠠᠳᠤᠭᠤ ᠪᠠᠨ ᠬᠤᠳᠠᠯᠳᠤᠵᠤ ᠵᠠᠷᠤᠭᠰᠠᠨ ᠦᠬᠡᠢ᠂ ᠬᠠᠷᠢᠨ ᠨᠡᠩ ᠢᠯᠡᠬᠦᠦ | ᠬᠠᠶᠢᠷᠠᠯᠠᠵᠤ ᠬᠢᠮᠠᠭᠠᠳᠠᠨ᠂ ᠪᠡᠶ᠎ᠡ ᠰᠡᠳᠭᠢᠯ ᠢᠶᠠᠨ ᠴᠢᠯᠡᠬᠡᠵᠤ ᠠᠷᠠᠴᠢᠯᠠᠨ ᠮᠠᠯᠵᠢᠭᠰᠠᠨ ᠤ ᠠᠴᠢ ᠪᠠᠷ ᠴᠠᠭᠠᠨ | ᠠᠳᠤᠭᠤᠨ ᠰᠦᠷᠦᠭ ᠨᠢ ᠦᠩᠭᠡ ᠲᠠᠢ ᠦᠬᠡᠳᠡ ᠲᠠᠢ ᠦᠰᠴᠤ᠂ 200 ᠠᠶᠠᠳᠠᠭᠤ ᠪᠤᠯᠵᠠᠢ᠃ ᠲᠡᠭᠡᠭᠡᠳ ᠲᠠᠪᠤᠨ | ᠬᠦᠦ ᠪᠠᠨ ᠡᠷ᠎ᠡ ᠶᠢᠨ ᠴᠡᠭᠡᠯ ᠳᠤ ᠬᠦᠷᠴᠤ ᠠᠶᠢᠯ ᠡᠷᠦᠭᠡ ᠪᠤᠯᠵᠤ ᠲᠤᠰᠠᠭᠠᠷᠯᠠᠬᠤ ᠶᠢᠨ ᠦᠶᠡᠰ ᠡᠷᠬᠡ ᠲᠡᠭᠰᠢ ᠪᠠᠷ | ᠲᠤᠰ ᠲᠤᠰ 22 ᠴᠠᠭᠠᠨ ᠠᠳᠤᠭᠤ ᠬᠤᠪᠢᠶᠠᠵᠤ ᠦᠭᠭᠦᠭᠰᠡᠨ ᠨᠢ ᠨᠠᠰᠤᠳᠠᠨ ᠤ ᠦᠷ᠎ᠡ ᠪᠠᠨ ᠭᠡᠰᠡᠨ ᠠᠪᠤ ᠭᠦᠮᠦᠡ ᠤ | ᠰᠡᠳᠭᠢᠯ ᠲᠡᠳᠦᠢ ᠦᠭᠡᠢ ᠴᠠᠭᠠᠨ ᠠᠳᠤᠭᠤ ᠪᠠᠨ ᠤᠯᠠᠮᠵᠢᠯᠠᠨ ᠬᠦᠭᠵᠢᠬᠦᠯᠬᠦ ᠭᠡᠰᠡᠨ ᠬᠤᠯᠠᠭᠢ ᠪᠤᠳᠤᠯ ᠲᠠᠢ | ᠪᠠᠶᠢᠬᠰᠠᠨ ᠢ ᠤᠶᠤᠨᠳᠠᠯᠠᠢ ᠶᠢᠨ ᠠᠪᠤ ᠪᠤᠶᠠᠨᠳᠤ ᠠᠨᠳᠠᠬᠤ ᠦᠭᠡᠢ ᠤᠶᠢᠯᠠᠭᠠᠭᠰᠠᠨ ᠪᠠᠶᠢᠵᠠᠢ᠃ | ᠠᠪᠤ ᠶᠢᠨ ᠢᠶᠠᠨ ᠨᠦᠯᠦᠭᠡ ᠪᠠᠷ ᠬᠠᠷᠠᠬᠠᠨ ᠪᠠᠭ᠎ᠠ ᠠᠴᠠ ᠪᠠᠨ ᠠᠳᠤᠭᠤ ᠮᠤᠷᠢ ᠲᠠᠢ ᠨᠤᠴᠤᠯᠳᠤᠵᠤ ᠢᠷᠡᠭᠰᠡᠨ ᠪᠤᠶᠠᠨᠳᠤ | ᠴᠠᠭᠠᠨ ᠠᠳᠤᠭᠤᠨ ᠳᠤ ᠪᠠᠨ ᠤᠨᠴᠠ ᠶᠢᠨ ᠶᠡᠭᠡ ᠬᠠᠶᠢᠷᠠᠳᠠᠢ ᠪᠠᠶᠢᠵᠤ᠂ ᠴᠠᠭᠠᠨ ᠠᠳᠤᠭᠤᠨ ᠤ ᠤᠳᠤᠮ ᠤᠭᠰᠢᠯ ᠢ | ᠬᠠᠮᠠᠭᠠᠯᠠᠬᠤ᠂ ᠪᠤᠳᠠᠭᠠᠯᠢ ᠪᠡᠶ᠎ᠡ ᠶᠢᠨ ᠶᠠᠰᠤ ᠴᠢᠨᠠᠷ ᠢ ᠲᠡᠭᠡᠭᠰᠢᠯᠡᠬᠦᠯᠬᠦ᠂ ᠦᠷ᠎ᠡ ᠶᠢᠨ ᠮᠠᠯ ᠰᠤᠩᠭᠤᠨ ᠪᠤᠶᠢᠵᠢᠭᠤᠯᠬᠤ | ᠵᠡᠷᠭᠡ ᠬᠡᠯᠪᠡᠷᠢ ᠪᠠᠷ ᠴᠠᠭᠠᠨ ᠠᠳᠤᠭᠤ ᠪᠠᠨ ᠬᠠᠮᠠᠭᠠᠯᠠᠵᠤ ᠦᠰᠭᠡᠨ ᠦᠷᠡᠵᠢᠬᠦᠯᠬᠦ ᠶᠢᠨ ᠬᠠᠮᠳᠤ ᠤᠷᠤᠯᠳᠤᠭᠠᠨ ᠮᠤᠷᠢ | ᠤᠶᠠᠵᠤ᠂ ᠤᠯᠠᠨ ᠤᠳᠠᠭ᠎ᠠ ᠲᠡᠷᠢᠭᠦᠨ ᠲᠡᠳ᠋ ᠲᠤ ᠲᠤᠳᠤᠷᠠᠵᠤ ᠪᠠᠶᠢᠵᠠᠢ᠃ ᠬᠦᠳᠡᠯᠮᠦᠷᠢ ᠬᠦᠮᠦᠨ ᠢ ᠬᠦᠰᠡᠷᠳᠡᠬᠦᠯᠬᠦ | ᠦᠭᠡᠢ ᠶᠢᠨ ᠤᠴᠢᠷ᠂ ᠤᠳᠤ ᠪᠤᠯᠬᠤ ᠳᠤ ᠡᠳᠡᠨᠡᠶᠢᠬᠢᠨ ᠤ ᠠᠳᠤᠭᠤ ᠨᠢ 100 ᠶᠢ ᠲᠠᠪᠠᠵᠤ᠂ ᠴᠠᠭᠠᠨ ᠠᠳᠤᠭᠤ | ᠮᠠᠯᠵᠢᠬᠤ ᠭᠤᠤᠯᠳᠠᠯᠭᠠᠳᠤ ᠡᠷᠦᠬᠡ ᠪᠠᠷ ᠲᠤᠭᠳᠠᠭᠠᠭᠳᠠᠪᠠ᠃ ᠴᠠᠭᠠᠨ ᠠᠳᠤᠭᠤ ᠬᠤᠪᠤᠷᠳᠠᠵᠤ ᠪᠠᠶᠢᠭ᠎ᠠ ᠪᠠᠶᠢᠳᠠᠯ ᠳᠤ | ᠬᠠᠨᠳᠤᠭᠤᠯᠤᠨ᠂ ᠦᠵᠦᠮᠦᠴᠢᠨ ᠴᠠᠭᠠᠨ ᠠᠳᠤᠭᠤᠨ ᠤ ᠡᠭᠦᠯᠳᠡᠷ ᠤᠭᠰᠠᠭ᠎ᠠ ᠶᠢ ᠬᠠᠮᠠᠭᠠᠯᠠᠬᠤ ᠵᠤᠷᠢᠯᠭ᠎ᠠ ᠪᠠᠷ ᠪᠤᠶᠠᠨᠳᠤ | ᠭᠤᠸᠠᠢ ᠴᠠᠭᠠᠨ ᠠᠳᠤᠭᠤᠨ ᠳᠤ ᠪᠠᠨ ᠬᠠᠶᠢᠷᠠᠳᠠᠢ᠂ ᠰᠡᠳᠭᠢᠯ ᠰᠠᠨᠠᠭ᠎ᠠ ᠨᠡᠶᠢᠯᠡᠳᠡᠭ ᠰᠡ᠊ · ᠲᠠᠯᠠᠢ᠂ ᠳ᠋ᠠᠨᠽᠠᠨ ᠵᠡᠷᠭᠡ 8 | ᠡᠷᠦᠬᠡ ᠲᠠᠢ ᠬᠠᠮᠳᠤᠷᠠᠨ᠂ 2011 ᠤᠨ ᠳᠤ ᠴᠠᠭᠠᠨ ᠠᠳᠤᠭᠤᠨ ᠤ ᠲᠤᠰᠬᠠᠢ ᠬᠤᠷᠰᠢᠶᠠᠵᠢᠯ ᠪᠠᠶᠢᠭᠤᠯᠵᠤ᠂ ᠴᠡᠭᠡ | ᠪᠤᠯᠪᠠᠰᠤᠷᠠᠭᠤᠯᠬᠤ᠂ ᠦᠷ᠎ᠡ ᠶᠢᠨ ᠮᠠᠯ ᠪᠤᠶᠢᠵᠢᠭᠤᠯᠬᠤ᠂ ᠤᠷᠤᠯᠳᠤᠭᠠᠨ ᠮᠤᠷᠢ ᠤᠶᠠᠬᠤ ᠵᠢᠴᠢ ᠭᠡᠷᠡᠯ ᠵᠢᠷᠤᠭ ᠤᠨ | ᠨᠠᠭᠠᠳᠤᠮ ᠳᠤ ᠤᠷᠤᠯᠴᠠᠬᠤ ᠵᠡᠷᠭᠡ ᠬᠡᠯᠪᠡᠷᠢ ᠪᠠᠷ ᠴᠠᠭᠠᠨ ᠠᠳᠤᠭᠤᠨ ᠤ ᠡᠬᠢ ᠪᠠᠶᠠᠯᠢᠭ ᠢᠶᠠᠨ ᠭᠤᠤᠯᠳᠠᠯᠭ᠎ᠠ ᠲᠠᠢ | ᠬᠠᠮᠠᠭᠠᠯᠠᠵᠤ᠂ ᠬᠤᠷᠰᠢᠶᠠᠵᠢᠯ ᠨᠢ ᠬᠠᠮᠤᠭ ᠤᠯᠠᠨ ᠳᠤ ᠪᠠᠨ 600 ᠭᠠᠷᠤᠢ ᠴᠠᠭᠠᠨ ᠠᠳᠤᠭᠤ ᠲᠠᠢ ᠪᠤᠯᠵᠤ᠂ ᠴᠠᠭᠠᠨ | ᠠᠳᠤᠭᠤ ᠪᠠᠨ ᠬᠠᠮᠠᠭᠠᠯᠠᠵᠤ᠂ ᠠᠵᠤ ᠦᠢᠯᠡᠰᠵᠢᠬᠦᠯᠦᠨ ᠬᠦᠭᠵᠢᠬᠦᠯᠬᠦ ᠳᠤ ᠭᠤᠶᠢᠪᠢᠰᠢ ᠦᠬᠡᠢ ᠬᠦᠴᠦᠨ ᠵᠢᠳᠬᠦᠯ | ᠦᠵᠡᠬᠦᠯᠦᠭᠰᠡᠨ ᠪᠦᠭᠡᠳ ᠰᠤᠮᠤᠨ ᠤ ᠬᠦᠳᠡᠯᠮᠦᠷᠢ ᠶᠢᠨ ᠵᠢᠱᠢᠶᠡᠴᠢ ᠵᠡᠷᠭᠡ ᠢᠷᠠᠭᠤ ᠠᠯᠳᠠᠷ ᠢᠶᠠᠷ ᠡᠩᠭᠡᠷ ᠢᠶᠠᠨ | ᠮᠢᠯᠢᠶᠠᠯᠭᠠᠵᠤ ᠶᠠᠪᠤᠵᠠᠢ᠃ | ᠡᠶᠢᠨᠬᠦ ᠴᠠᠭᠠᠨ ᠠᠳᠤᠭᠤ ᠪᠠᠨ ᠲᠡᠭᠡᠳᠦᠯᠡᠨ ᠬᠠᠮᠠᠭᠠᠯᠠᠬᠤ ᠨᠠᠮ ᠵᠠᠰᠠᠭ ᠤᠨ ᠲᠡᠮᠵᠢᠯᠬᠡ ᠪᠤᠯᠤᠨ ᠴᠠᠭᠠᠨ | ᠠᠳᠤᠭᠤᠠ ᠳᠤ ᠪᠠᠨ ᠬᠠᠶᠢᠷᠠᠳᠠᠢ ᠮᠠᠯᠴᠢᠨ ᠲᠦᠮᠡᠨ ᠤ ᠬᠠᠮᠳᠤ ᠶᠢᠨ ᠴᠢᠷᠮᠠᠶᠢᠯᠭ᠎ᠠ ᠪᠠᠷ ᠪᠠᠷᠠᠭᠤᠨ ᠦᠵᠦᠮᠦᠴᠢᠨ | ᠬᠤᠰᠢᠭᠤᠨ ᠤ ᠦᠵᠦᠮᠦᠴᠢᠨ ᠴᠠᠭᠠᠨ ᠠᠳᠤᠭᠤᠨ ᠤ ᠦᠢᠯᠡᠰ ᠦᠳᠳᠡᠷ ᠲᠦᠷᠭᠡᠨ ᠬᠦᠭᠵᠢᠵᠤ᠂ 2012 ᠤᠨ ᠳᠤ | ᠲᠤᠮᠳᠠᠳᠤ ᠤᠯᠤᠰ ᠤᠨ ᠠᠳᠤᠭᠤᠨ ᠰᠤᠶᠤᠯ ᠤᠨ ᠨᠡᠶᠢᠭᠡᠮᠯᠢᠭ ᠠᠴᠠ ᠲᠤᠰ ᠬᠤᠰᠢᠭᠤ ᠶᠢ ︽ᠲᠤᠮᠳᠠᠳᠤ ᠤᠯᠤᠰ ᠤᠨ | ᠴᠠᠭᠠᠨ ᠠᠳᠤᠭᠤᠨ ᠰᠤᠶᠤᠯ ᠤᠨ ᠦᠯᠦᠭᠡᠢ︾ ᠭᠡᠵᠤ ᠨᠡᠷᠡᠶᠢᠳᠦᠭᠳᠡᠭᠰᠡᠨ ᠨᠢ ᠦᠢ ᠤᠯᠠᠨ ᠴᠠᠭᠠᠨ ᠠᠳᠤᠭᠤ ᠪᠠᠨ | ᠬᠠᠶᠢᠷᠠᠯᠠᠵᠤ ᠬᠠᠮᠠᠭᠠᠯᠠᠭᠰᠠᠭᠠᠷ ᠢᠷᠡᠭᠰᠡᠨ ᠮᠠᠯᠴᠢᠳ ᠲᠤ ᠶᠡᠬᠡᠳᠠ ᠵᠤᠷᠢᠭᠵᠢᠭᠤᠯᠤᠯ ᠪᠤᠯᠤᠭᠰᠠᠨ ᠪᠠᠶᠢᠨ᠎ᠠ᠃ ︽ | ᠤᠶᠢᠷ᠎ᠠ ᠶᠢᠨ ᠵᠢᠯ ᠤᠳ ᠲᠤ᠂ ᠬᠤᠰᠢᠭᠤ ᠨᠠᠮ ᠤᠨ ᠬᠤᠷᠢᠶ᠎ᠠ ᠵᠠᠰᠠᠭ ᠤᠨ ᠤᠷᠳᠤᠨ ᠠᠴᠠ ᠴᠠᠭᠠᠨ ᠠᠳᠤᠭᠤ ᠶᠢ | ᠬᠠᠮᠠᠭᠠᠯᠠᠵᠤ ᠬᠦᠭᠵᠢᠬᠦᠯᠬᠦ ᠶᠢ ᠴᠢᠬᠤᠯᠠᠴᠢᠯᠠᠵᠤ᠂ ᠨᠠᠶᠢᠷ ᠨᠠᠭᠠᠳᠤᠮ ᠤᠯᠠᠰᠢᠷᠠᠭᠰᠠᠨ ᠢᠶᠠᠷ᠂ ᠴᠠᠭᠠᠨ ᠠᠳᠤᠭᠤ | ᠮᠠᠯᠵᠢᠳᠠᠭ ᠡᠷᠦᠬᠡ ᠳᠤ ᠨᠢᠭᠡ ᠶᠤᠰᠤᠨ ᠤ ᠵᠤᠷᠢᠭᠵᠢᠭᠤᠯᠤᠯ ᠪᠤᠯᠤᠭᠰᠠᠨ ᠪᠦᠬᠡᠳ ᠴᠠᠭᠠᠨ ᠠᠳᠤᠭᠤ ᠴᠤ ᠲᠡᠭᠦᠨ ᠤ | ᠦᠩᠭᠡ ᠵᠢᠰᠦᠮ᠂ ᠮᠢᠬ᠎ᠠ ᠰᠦᠨ ᠤ ᠰᠢᠮ᠎ᠡ ᠲᠡᠵᠢᠭᠡᠯ ᠵᠢᠴᠢ ᠰᠤᠶᠤᠯ ᠵᠢᠭᠤᠯᠴᠢᠯᠠᠯ ᠤᠨ ᠦᠨ᠎ᠡ ᠦᠷᠳᠡᠭ ᠢᠶᠠᠷ ᠢᠶᠠᠨ | ᠨᠡᠩ ᠤᠯᠠᠨ ᠬᠦᠮᠦᠨ ᠤ ᠬᠠᠷᠠᠭᠠᠨ ᠳᠤ ᠲᠤᠳᠤᠷᠠᠵᠤ᠂ ᠴᠠᠭᠠᠨ ᠠᠳᠤᠭᠤᠨ ᠤ ᠤᠳᠤᠮ ᠤᠭᠰᠢᠯ ᠤᠨ ᠬᠠᠮᠠᠭᠠᠯᠠᠯᠳᠠ᠂ | ᠠᠵᠤ ᠦᠢᠯᠡᠰ ᠤᠨ ᠬᠦᠭᠵᠢᠯᠳᠡ ᠳᠤ ᠶᠡᠬᠡᠬᠡᠨ ᠲᠤᠰᠠ ᠲᠡᠮᠵᠢᠯᠬᠡ ᠪᠤᠯᠤᠭᠰᠠᠨ ᠪᠠᠶᠢᠨ᠎ᠠ︾ ᠭᠡᠵᠤ ᠪᠤᠶᠠᠨᠳᠤ ᠭᠤᠸᠠᠢ | ᠰᠡᠳᠭᠢᠯ ᠲᠤᠭᠳᠤᠯᠤᠨ ᠶᠠᠷᠢᠨ᠎ᠠ᠃ | ᠡᠪᠦᠭᠡ ᠠᠪᠤ ᠪᠤᠯᠤᠨ ᠠᠪᠤ ᠶᠢᠨ ᠢᠶᠠᠨ ᠨᠦᠯᠦᠭᠡ ᠪᠠᠷ ᠶᠢᠰᠦᠨ ᠨᠠᠰᠤᠨ ᠠᠴᠠ ᠪᠠᠨ ᠮᠤᠷᠢ ᠤᠨᠤᠵᠤ᠂ ᠬᠤᠷᠢ ᠭᠠᠷᠤᠢ | ᠤᠳᠠᠭ᠎ᠠ ᠤᠷᠤᠯᠳᠤᠭᠠᠨ ᠳᠤ ᠤᠷᠤᠯᠴᠠᠵᠤ ᠪᠠᠶᠢᠭᠰᠠᠨ ᠤᠶᠤᠨᠳᠠᠯᠠᠢ ᠬᠠᠷᠠᠬᠠᠨ ᠪᠠᠭ᠎ᠠ ᠠᠴᠠ ᠪᠠᠨ ᠮᠤᠷᠢᠨ ᠳᠤ ᠠᠷᠭ᠎ᠠ | ᠦᠭᠡᠢ ᠶᠡᠭᠡ ᠬᠠᠶᠢᠷᠠᠳᠠᠢ ᠪᠠᠶᠢᠵᠤ᠂ ᠶᠡᠭᠡ ᠰᠤᠷᠭᠠᠭᠤᠯᠢ ᠪᠠᠨ ᠲᠡᠭᠦᠰᠦᠭᠰᠡᠨ ᠤ ᠲᠠᠷᠠᠭ᠎ᠠ ᠬᠦᠳᠡᠭᠡ ᠶᠢᠨ ᠠᠮᠢᠳᠤᠷᠠᠯ᠂ | ᠮᠠᠯᠵᠢᠬᠤ ᠰᠤᠶᠤᠯ᠂ ᠴᠠᠭᠠᠨ ᠠᠳᠤᠭᠤᠨ ᠳᠤ ᠪᠠᠨ ᠲᠠᠳᠠᠭᠳᠠᠨ᠂ ᠬᠦᠳᠡᠭᠡ ᠨᠤᠳᠤᠭ ᠢᠶᠠᠨ ᠵᠤᠷᠢᠵᠠᠢ᠃ ᠰᠢᠨ᠎ᠡ ᠴᠠᠭ | ᠦᠶ᠎ᠡ ᠶᠢᠨ ᠵᠠᠯᠠᠭᠤ ᠮᠠᠯᠴᠢᠨ ᠪᠤᠯᠤᠭᠰᠠᠨ ᠤ ᠬᠤᠪᠢ ᠳᠤ᠂ ᠴᠠᠭᠠᠨ ᠠᠳᠤᠭᠤ ᠪᠠᠨ ᠰᠠᠶᠢᠳᠤᠷ ᠠᠷᠠᠴᠢᠯᠠᠵᠤ | ᠮᠠᠯᠵᠢᠬᠤ ᠠᠴᠠ ᠭᠠᠳᠠᠨ᠎ᠠ ᠪᠠᠶᠢᠩᠭᠤ ᠴᠤᠤᠷᠢᠶ᠎ᠠ ᠵᠡᠷᠭᠡ ᠬᠠᠷᠢᠯᠴᠠᠭᠠᠨ ᠤ ᠵᠠᠭᠤᠴᠢᠯᠠᠭᠤᠷ ᠢᠶᠠᠷ ᠴᠠᠭᠠᠨ ᠠᠳᠤᠭᠤ | ᠪᠤᠯᠤᠨ ᠦᠪᠡᠷ ᠤᠨ ᠬᠦᠳᠡᠭᠡ ᠶᠢᠨ ᠠᠮᠢᠳᠤᠷᠠᠯ ᠢᠶᠠᠨ ᠲᠡᠮᠳᠡᠭᠯᠡᠵᠦ᠂ ᠨᠡᠩ ᠤᠯᠠᠨ ᠬᠦᠮᠦᠨ ᠳᠤ ᠲᠠᠨᠢᠭᠤᠯᠤᠭᠰᠠᠨ ᠢᠶᠠᠷ | ᠦᠯᠦ ᠪᠠᠷᠠᠮ ᠤᠶᠠᠭᠠᠴᠢ ᠠᠶᠢᠯ ᠳᠤ ᠲᠦᠷᠦᠵᠤ ᠦᠰᠦᠨ ᠪᠠᠭ᠎ᠠ ᠠᠴᠠ ᠪᠠᠨ ᠮᠤᠷᠢ ᠤᠨᠤᠵᠤ ᠮᠤᠷᠢᠨ ᠳᠤ ᠬᠠᠶᠢᠷᠠᠳᠠᠢ | ᠪᠠᠶᠢᠳᠠᠭ ᠲᠤᠰ ᠬᠤᠰᠢᠭᠤᠨ ᠤ ᠪᠠᠶᠠᠩᠬᠤᠸᠠ ᠪᠠᠯᠭᠠᠰᠤᠨ ᠤ ᠠᠯᠳᠠᠨᠬᠢᠩᠭᠠᠨ ᠭᠠᠴᠠᠭ᠎ᠠ ᠪᠠᠷ ᠨᠤᠳᠤᠭᠳᠠᠢ | ᠤᠷᠭᠤᠮᠠᠯ ᠲᠠᠢ ᠲᠠᠨᠢᠯᠴᠠᠵᠤ᠂ ᠰᠡᠳᠭᠢᠯ ᠰᠡᠳᠭᠢᠯ ᠢᠶᠠᠨ ᠤᠯᠤᠯᠴᠠᠨ᠂ ᠢᠨᠠᠭ ᠬᠤᠩᠭᠤᠷ ᠪᠤᠯᠤᠯᠴᠠᠵᠠᠢ᠃ ︽ᠪᠢ | 2015 ᠤᠨ ᠳᠤ ᠦᠪᠦᠷ ᠮᠤᠩᠭᠤᠯ ᠤᠨ ᠶᠡᠭᠡ ᠰᠤᠷᠭᠠᠭᠤᠯᠢ ᠠᠴᠠ ᠠᠶᠠᠯᠠᠯ ᠵᠢᠭᠤᠯᠴᠢᠯᠠᠯ ᠤᠨ ᠮᠡᠷᠭᠡᠵᠢᠯ ᠢᠶᠠᠷ | ᠲᠡᠭᠦᠰᠴᠤ᠂ ᠭᠠᠳᠠᠭᠠᠳᠤ ᠳᠤ ᠭᠠᠷᠴᠤ ᠰᠤᠷᠤᠯᠴᠠᠨ᠂ ᠠᠰᠫᠢᠷᠠᠨᠲ ᠴᠤᠯᠠ ᠪᠠᠨ ᠬᠠᠮᠠᠭᠠᠯᠠᠵᠠᠢ᠃ ᠤᠯᠤᠰ ᠲᠤ ᠪᠠᠨ | ᠪᠤᠴᠠᠭᠰᠠᠨ ᠤ ᠲᠠᠷᠠᠭ᠎ᠠ᠂ ᠠᠯᠪᠠᠳᠠᠨ ᠤ ᠰᠢᠯᠭᠠᠯᠳᠠ ᠪᠠᠷ ᠲᠠᠮᠵᠢᠨ ᠤᠯᠤᠰ ᠤᠨ ᠪᠠᠶᠢᠭᠤᠯᠭ᠎ᠠ ᠳᠤ ᠰᠢᠯᠭᠠᠨ ᠤᠷᠤᠵᠤ᠂ | ᠬᠤᠶᠠᠷ ᠵᠢᠯ ᠭᠠᠷᠤᠢ ᠠᠵᠢᠯᠯᠠᠵᠤ ᠪᠠᠶᠢᠭᠰᠠᠨ᠂ ᠰᠡᠬᠦᠯ ᠳᠤ ᠤᠶᠤᠨᠳᠠᠯᠠᠢ ᠲᠠᠢ ᠲᠠᠨᠢᠯᠴᠠᠭᠰᠠᠨ ᠤ ᠲᠠᠷᠠᠭ᠎ᠠ ᠮᠠᠯᠵᠢᠬᠤ | ᠤᠷᠤᠨ ᠳᠤ ᠨᠡᠩ ᠶᠡᠭᠡ ᠴᠢᠳᠠᠪᠤᠷᠢᠳᠠᠨ ᠬᠡᠷᠡᠭᠴᠡᠭᠡ ᠲᠠᠢ ᠪᠠᠶᠢᠬᠤ ᠶᠢ ᠮᠡᠳᠡᠵᠤ᠂ ᠠᠵᠢᠯ ᠢᠶᠠᠨ ᠬᠠᠶᠠᠵᠤ ᠬᠦᠳᠡᠭᠡ ᠪᠠᠨ | ᠪᠤᠴᠠᠵᠠᠢ︾ ᠭᠡᠵᠤ ᠤᠴᠢᠷᠯᠠᠬᠤ ᠤᠷᠭᠤᠮᠠᠯ ᠤᠨ ᠶᠠᠷᠢᠶᠠᠠ ᠠᠴᠠ ᠤᠶᠤᠳᠠᠨ ᠬᠤᠤᠰ ᠤᠨ ᠬᠠᠶᠢᠷ᠎ᠠ ᠲᠤᠷᠠᠯᠠᠯ ᠤᠨ | ᠦᠯᠢᠭᠡᠷ ᠠᠴᠠ ᠭᠠᠳᠠᠨ᠎ᠠ ᠮᠠᠯᠵᠢᠬᠤ ᠤᠷᠤᠨ ᠤ ᠪᠠᠨ ᠬᠦᠭᠵᠢᠯᠳᠡ ᠶᠢᠨ ᠲᠦᠯᠦᠭᠡ ᠭᠡᠰᠡᠨ ᠵᠤᠷᠢᠯᠳᠠ ᠲᠠᠮᠡᠤᠯᠤᠯ ᠨᠢ | ᠶᠠᠭᠠᠬᠢᠬᠤ ᠶᠢᠨ ᠠᠷᠭ᠎ᠠ ᠦᠭᠡᠢ ᠰᠡᠳᠭᠢᠯ ᠢ ᠬᠦᠳᠡᠯᠬᠡᠨ᠎ᠡ᠃ | ᠤᠶᠠᠭᠠᠴᠢ ᠠᠶᠢᠯ ᠳᠤ ᠲᠦᠷᠦᠵᠤ ᠦᠰᠦᠭᠰᠡᠨ ᠤᠷᠭᠤᠮᠠᠯ ᠠᠪᠤ ᠠᠴᠠ ᠪᠠᠨ ᠮᠤᠷᠢ ᠤᠨᠤᠬᠤ ᠮᠡᠷᠭᠡᠵᠢᠯ ᠢ ᠦᠪᠯᠡᠭᠰᠡᠨ | ᠪᠤᠯ ᠡᠵᠢ ᠠᠴᠠ ᠪᠠᠨ ᠮᠤᠩᠭᠤᠯ ᠪᠦᠰᠡᠬᠦᠢ ᠶᠢᠨ ᠤᠷ᠎ᠠ ᠤᠬᠠᠭᠠᠨ ᠢ ᠤᠯᠠᠮᠵᠢᠯᠠᠵᠤ᠂ ᠪᠠᠭ᠎ᠠ ᠠᠴᠠ ᠪᠠᠨ ᠮᠤᠷᠢᠨ ᠳᠤ | ᠤᠨᠴᠠ ᠶᠡᠭᠡ ᠬᠠᠶᠢᠷᠠᠳᠠᠢ ᠪᠦᠬᠡᠳ ᠭᠠᠷ ᠤᠷᠠᠯᠠᠯ ᠤᠨ ᠪᠦᠳᠦᠭᠡᠯ ᠬᠢᠬᠦ ᠳᠤ ᠪᠠᠨ ᠴᠢᠳᠠᠮᠠᠭᠠᠢ ᠪᠠᠶᠢᠵᠤ᠂ ᠮᠦᠨ ᠶᠡᠭᠡ | ᠰᠤᠷᠭᠠᠭᠤᠯᠢ ᠳᠤ ᠪᠠᠨ ᠠᠶᠠᠯᠠᠯ ᠵᠢᠭᠤᠯᠴᠢᠯᠠᠯ ᠤᠨ ᠮᠡᠷᠭᠡᠵᠢᠯ ᠰᠤᠷᠤᠯᠴᠠᠭᠰᠠᠨ ᠲᠡᠷᠡᠪᠡᠷ ᠨᠤᠳᠤᠭ ᠤᠰᠤᠨ ᠳᠤ ᠪᠠᠨ | ᠤᠯᠳᠠᠭᠳᠠᠰᠢ ᠦᠭᠡᠢ ᠴᠢᠳᠠᠪᠤᠷᠢᠳᠠᠨ ᠪᠤᠯᠬᠤ ᠨᠢ ᠭᠠᠷᠴᠠᠭ᠎ᠠ ᠦᠭᠡᠢ᠃ | ᠬᠠᠨᠢ ᠶᠢᠨ ᠵᠠᠶᠠᠭ᠎ᠠ ᠬᠤᠯᠪᠤᠵᠤ ᠮᠠᠯᠴᠢᠨ ᠵᠠᠶᠠᠭ᠎ᠠ ᠲᠦᠰᠢᠭᠰᠡᠨ ᠠᠮᠠᠷᠠᠭ ᠬᠤᠤᠰ ᠡᠨᠡ ᠵᠢᠯ ᠠᠶᠢᠯ ᠭᠡᠷ ᠪᠤᠯᠵᠤ᠂ | ᠤᠳᠤ ᠠᠪᠤ ᠪᠤᠯᠤᠨ ᠲᠡᠭᠦᠦ ᠲᠠᠢ ᠪᠠᠨ ᠲᠦᠷᠪᠡᠬᠦᠯᠡ ᠡᠶ᠎ᠡ ᠨᠠᠶᠢᠷᠳᠠᠢ᠂ ᠢᠨᠢᠶᠡᠳᠤ ᠪᠠᠶᠠᠰᠤᠯ ᠴᠠᠯᠬᠢᠭᠤᠯᠤᠨ᠂ ᠨᠤᠳᠤᠭ | ᠪᠠᠯᠴᠢᠭᠡᠷ ᠤᠨ ᠢᠶᠠᠨ ᠲᠠᠭᠠᠭᠠᠴᠠ ᠶᠢ ᠦᠨᠳᠦᠰᠦᠯᠡᠨ ᠲᠠᠪᠤᠨ ᠬᠤᠰᠢᠭᠤ ᠮᠠᠯ ᠢᠶᠠᠨ ᠲᠡᠭᠰᠢ ᠮᠠᠯᠵᠢᠵᠤ᠂ ᠵᠢᠷᠭᠠᠯᠳᠠᠢ | ᠰᠠᠶᠢᠬᠠᠠ ᠠᠮᠢᠳᠤᠷᠠᠨ᠎ᠠ᠃ | ᠠᠯᠤᠰ ᠤᠨ ᠬᠠᠷᠠᠯᠳᠠ ᠬᠤᠯᠠ ᠶᠢᠨ ᠬᠦᠰᠡᠯ ᠡᠪᠦᠷᠯᠡᠭᠰᠡᠨ ᠤᠶᠤᠳᠠᠨ ᠬᠤᠤᠰ ᠡᠪᠦᠭᠡ ᠲᠡᠭᠡᠳᠦᠰ ᠶᠢᠨ ᠢᠶᠠᠨ | ᠦᠪᠯᠡᠭᠰᠡᠨ ᠡᠨᠡ ᠰᠠᠶᠢᠬᠠᠨ ᠪᠤᠶᠠᠨ ᠢ ᠡᠳ᠋ᠯᠡᠵᠤ ᠵᠦᠭᠡᠷ ᠰᠠᠭᠤᠭ᠎ᠠ ᠦᠭᠡᠢ᠂ ᠬᠠᠷᠢᠨ ᠦᠪᠡᠷ ᠦᠪᠡᠷ ᠤᠨ ᠠᠪᠢᠶᠠᠰ | ᠪᠢᠯᠢᠭ ᠢᠶᠠᠨ ᠪᠠᠳᠠᠷᠠᠭᠤᠯᠵᠤ᠂ ᠭᠦᠳᠡᠭᠡ ᠨᠤᠳᠤᠭ ᠢᠶᠠᠨ ᠭᠦᠭᠵᠢᠭᠦᠯᠭᠦ ᠳᠤ ᠭᠦᠴᠦᠡ ᠵᠢᠤᠨᠭᠦᠯ ᠢᠶᠠᠨ ᠡᠷᠭᠦᠭᠦ ᠪᠠᠷ | ᠴᠢᠷᠮᠠᠶᠢᠨ᠎ᠠ᠂ ᠤᠶᠤᠨᠳᠠᠯᠠᠢ ᠴᠠᠭᠠᠨ ᠠᠳᠤᠭᠤᠨ ᠤ ᠴᠡᠭᠡ ᠪᠤᠯᠪᠠᠰᠤᠷᠠᠭᠤᠯᠵᠤ᠂ ᠤᠷᠤᠯᠳᠤᠭᠠᠨ ᠮᠤᠷᠢ ᠤᠶᠠᠬᠤ ᠵᠡᠷᠭᠡ | ᠬᠡᠯᠪᠡᠷᠢ ᠪᠠᠷ ᠴᠠᠭᠠᠨ ᠠᠳᠤᠭᠤᠨ ᠤ ᠦᠢᠯᠡᠰ ᠢᠶᠠᠨ ᠬᠦᠭᠵᠢᠬᠦᠯᠬᠦ ᠪᠠᠷ ᠲᠦᠰᠦᠪᠯᠡᠵᠤ᠂ ᠪᠦᠰᠡᠬᠦᠢ ᠤᠷᠭᠤᠮᠠᠯ ᠨᠢ | ᠮᠤᠩᠭᠤᠯ ᠬᠤᠪᠴᠠᠰᠤᠨ ᠤ ᠤᠶᠤᠳᠠᠯ ᠤᠨ ᠭᠠᠵᠠᠷ ᠡᠷᠬᠢᠯᠡᠵᠤ᠂ ᠤᠶᠤᠳᠠᠯ ᠤᠷᠠᠯᠠᠯ ᠤᠨ ᠮᠡᠷᠭᠡᠵᠢᠯ ᠢᠶᠠᠨ ᠨᠡᠩ ᠤᠯᠠᠨ | ᠮᠠᠯᠴᠢᠨ ᠪᠦᠰᠡᠭᠦᠶᠢᠴᠤᠳ ᠲᠤ ᠵᠢᠭᠠᠬᠤ ᠶᠢᠨ ᠬᠠᠮᠳᠤ ᠬᠤᠶᠢᠰᠢᠳᠠ ᠴᠠᠭᠠᠨ ᠠᠳᠤᠭᠤᠨ ᠰᠤᠶᠤᠯ ᠲᠠᠢ ᠪᠠᠨ | ᠤᠶᠠᠯᠳᠤᠭᠤᠯᠤᠨ᠂ ᠰᠤᠶᠤᠯ ᠵᠢᠭᠤᠯᠴᠢᠯᠠᠯ ᠤᠨ ᠭᠠᠷ ᠤᠷᠠᠯᠠᠯ ᠤᠨ ᠪᠦᠳᠦᠭᠡᠯ ᠬᠢᠵᠤ᠂ ᠨᠤᠳᠤᠭ ᠤᠰᠤᠨ ᠤ ᠪᠠᠨ | ᠦᠪᠡᠷᠮᠢᠴᠡ ᠰᠠᠶᠢᠬᠠᠨ ᠰᠤᠶᠤᠯ ᠢᠶᠠᠨ ᠨᠡᠩ ᠤᠯᠠᠨ ᠬᠦᠮᠦᠨ ᠳᠤ ᠲᠠᠨᠢᠭᠤᠯᠬᠤ ᠪᠠᠷ ᠴᠢᠷᠮᠠᠶᠢᠵᠤ ᠠᠵᠢᠯᠯᠠᠨ᠎ᠠ᠃ ︽ | ᠤᠶᠢᠷ᠎ᠠ ᠶᠢᠨ ᠵᠢᠯ ᠤᠳ ᠲᠤ᠂ ᠨᠠᠮ ᠵᠠᠰᠠᠭ ᠠᠴᠠ ᠠᠶᠠᠯᠠᠯ ᠵᠢᠭᠤᠯᠴᠢᠯᠠᠯ ᠢ ᠴᠢᠬᠤᠯᠠᠴᠢᠯᠠᠨ ᠴᠢᠩᠭᠠᠳᠬᠠᠵᠤ᠂ ᠠᠶᠠᠯᠠᠯ | ᠵᠢᠭᠤᠯᠴᠢᠯᠠᠯ ᠤᠨ ᠪᠦᠳᠦᠭᠡᠭᠳᠡᠬᠦᠨ ᠬᠢᠬᠦ ᠶᠢ ᠵᠤᠷᠢᠭᠵᠢᠭᠤᠯᠵᠤ ᠪᠠᠶᠢᠨ᠎ᠠ᠂ ᠪᠢ ᠪᠠᠰᠠ ᠡᠨᠡ ᠰᠠᠶᠢᠬᠠᠨ ᠲᠤᠬᠢᠶᠠᠯ ᠢ | ᠠᠳᠬᠤᠨ᠂ ᠲᠤᠰᠬᠠᠢ ᠮᠡᠷᠭᠡᠵᠢᠯ ᠤᠨ ᠲᠠᠪᠠᠭᠤᠯᠢᠭ ᠢᠶᠠᠨ ᠪᠠᠳᠠᠷᠠᠭᠤᠯᠵᠤ᠂ ᠴᠠᠭᠠᠨ ᠠᠳᠤᠭᠤᠨ ᠤ ᠰᠤᠶᠤᠯ ᠲᠠᠢ ᠪᠠᠨ | ᠤᠶᠠᠯᠳᠤᠭᠤᠯᠤᠨ᠂ ᠲᠦᠯᠬᠢᠬᠦᠷ ᠤᠨ ᠵᠡᠬᠦᠯᠳᠡ᠂ ᠬᠦᠯᠳᠡᠭᠡᠭᠦᠷ ᠤᠨ ᠨᠠᠭᠠᠯᠳᠠ ᠵᠡᠷᠭᠡ ᠵᠢᠵᠢᠭ ᠠᠶᠠᠯᠠᠯ | ᠵᠢᠭᠤᠯᠴᠢᠯᠠᠯ ᠤᠨ ᠪᠦᠳᠦᠭᠡᠭᠳᠡᠭᠦᠨ ᠬᠢᠵᠤ᠂ ᠴᠠᠭᠠᠨ ᠠᠳᠤᠭᠤ ᠪᠠᠨ ᠨᠡᠩ ᠤᠯᠠᠨ ᠬᠦᠮᠦᠨ ᠳᠤ ᠲᠠᠨᠢᠭᠤᠯᠬᠤ ᠶᠢᠨ | ᠬᠠᠮᠳᠤ ᠮᠠᠯᠵᠢᠯ ᠤᠨ ᠪᠤᠰᠤ ᠤᠷᠤᠯᠭ᠎ᠠ ᠪᠠᠨ ᠨᠡᠮᠡᠭᠳᠡᠬᠦᠯᠦᠶ᠎ᠡ ᠭᠡᠵᠤ ᠪᠤᠳᠤᠵᠤ ᠪᠠᠶᠢᠨ᠎ᠠ︾ ᠭᠡᠵᠤ ᠡᠷᠡᠰ ᠰᠢᠭᠤᠷᠬᠠᠢ | ᠶᠠᠷᠢᠬᠤ ᠤᠷᠭᠤᠮᠠᠯ ᠤᠨ ᠶᠠᠷᠢᠶᠠᠠ ᠳᠤ ᠢᠷᠡᠭᠡᠳᠦᠢ ᠶᠢᠨ ᠬᠢᠨᠢ ᠲᠤᠬᠠᠢ ᠢᠳᠡᠭᠡᠯ ᠭᠦᠰᠡᠯ ᠲᠤᠳᠤᠷᠠᠨ᠎ᠠ᠃ | ᠴᠠᠭᠠᠨ ᠠᠳᠤᠭᠤ ᠪᠠᠨ ᠬᠠᠶᠢᠷᠠᠯᠠᠨ ᠬᠢᠮᠠᠭᠠᠳᠠᠵᠤ᠂ ᠴᠠᠭᠠᠨ ᠠᠳᠤᠭᠤ ᠪᠠᠷ ᠢᠶᠠᠨ ᠪᠠᠭ᠋ᠠᠷᠬᠠᠵᠤ᠂ ᠴᠠᠭᠠᠨ ᠠᠳᠤᠭᠤᠨ ᠤ | ᠦᠢᠯᠡᠰ ᠢᠶᠠᠷ ᠢᠶᠠᠨ ᠠᠮᠢᠳᠤᠷᠠᠯ ᠢᠶᠠᠨ ᠦᠭᠡᠳᠡᠯᠡᠬᠦᠯᠵᠤ ᠶᠠᠪᠤᠭ᠎ᠠ ᠡᠨᠡ ᠠᠶᠢᠯ ᠤᠨ ᠵᠤᠯ ᠵᠢᠷᠭᠠᠯᠳᠠᠢ᠂ ᠦᠭᠡᠳᠡ | ᠬᠡᠶᠢᠮᠤᠷᠢ ᠲᠠᠢ ᠪᠠᠶᠢᠬᠤ ᠶᠢᠨ ᠵᠦᠡᠭᠨᠡᠯ ᠲᠡᠪᠰᠢᠬᠦᠯᠵᠦ ᠰᠤᠷᠪᠤᠯᠵᠢᠯᠠᠭ᠎ᠠ ᠪᠠᠨ ᠦᠨᠳᠦᠷᠯᠡᠬᠦᠯᠦᠯᠡ᠃ | |