ᠤᠷᠠᠨ ᠰᠠᠶᠢᠬᠠᠨ ᠤ ᠲᠣᠬᠯᠠᠯᠲᠠ ᠪᠠᠷ ︽ᠤᠮᠠᠷᠠᠲᠤ ᠬᠢᠯᠢ ᠶᠢᠨ ᠰᠣᠶᠣᠯ︾᠎ ᠤᠨ ᠲᠥᠷᠥᠯ ᠲᠡᠮᠳᠡᠭ ᠢ ᠳᠠᠭᠤᠷᠢᠰᠤᠭᠤᠯᠤᠨ᠎ᠠ
ᠨᠡᠶᠢᠲᠡᠯᠡᠭᠰᠡᠨ ᠴᠠᠭ᠄
2023/12/1
ᠤᠷᠠᠨ ᠰᠠᠶᠢᠬᠠᠨ ᠤ ᠲᠣᠬᠯᠠᠯᠲᠠ ᠪᠠᠷ ︽ᠤᠮᠠᠷᠠᠲᠤ ᠬᠢᠯᠢ ᠶᠢᠨ ᠰᠣᠶᠣᠯ︾᠎ ᠤᠨ ᠲᠥᠷᠥᠯ ᠲᠡᠮᠳᠡᠭ ᠢ ᠳᠠᠭᠤᠷᠢᠰᠤᠭᠤᠯᠤᠨ᠎ᠠᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠬᠤᠷᠠᠯᠳᠤᠭᠤᠯᠤᠭᠰᠠᠨ ᠡᠪᠦᠯ ᠤᠨ ᠤᠯᠠᠷᠢᠯ ᠤᠨ ᠵᠢᠭᠤᠯᠴᠢᠯᠠᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠲᠥᠷᠥ ᠶᠢᠨ ᠶᠠᠪᠤᠳᠠᠯ ᠤᠨ ᠬᠤᠷᠢᠶᠠᠨ ᠤ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠎ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠰᠠᠨᠠᠯ︾᠎ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠤᠮᠠᠷᠠᠲᠤ ᠬᠢᠯᠢ ᠶᠢᠨ ᠰᠣᠶᠣᠯ︾᠎ ᠤᠨ ᠲᠥᠷᠥᠯ ᠲᠡᠮᠳᠡᠭ ᠢ ᠳᠠᠭᠤᠷᠢᠰᠤᠭᠤᠯᠬᠤ ᠳᠤ ᠬᠦᠴᠦᠨ ᠨᠡᠮᠡᠷᠢᠯᠡᠬᠦ ᠪᠠᠷ ᠠᠯᠢ ᠣᠯᠠᠨ ᠡᠪᠦᠯ ᠤᠨ ᠤᠯᠠᠷᠢᠯ ᠤᠨ ᠤᠷᠠᠨ ᠰᠠᠶᠢᠬᠠᠨ ᠤ ᠲᠣᠬᠯᠠᠯᠲᠠ ᠭᠠᠷᠭᠠᠬᠤ ᠪᠠᠷ ᠲᠣᠭᠲᠠᠵᠠᠢ᠃ ᠥᠪᠡᠷᠲᠡᠭᠡᠨ ᠵᠠᠰᠠᠬᠤ ᠣᠷᠣᠨ ᠤ ︽ᠵᠠᠭᠤᠨ ᠪᠦᠯᠭᠦᠮ ᠮᠢᠩᠭᠠᠨ ᠲᠠᠯᠠᠪᠠᠶ︾ ᠦᠨᠳᠦᠰᠦᠨ ᠱᠠᠲᠤᠨ ᠳᠤ ᠪᠠᠭᠤᠵᠤ ᠲᠣᠬᠯᠠᠯᠲᠠ ᠭᠠᠷᠭᠠᠬᠤ ᠦᠢᠯᠡᠴᠢᠯᠡᠭᠡᠨ ᠤ ᠠᠵᠢᠯᠯᠠᠭ᠎ᠠ ᠶᠢ 11 ᠰᠠᠷ᠎ᠠ ᠶᠢᠨ 21᠎ ᠤ ᠡᠳᠦᠷ ᠭᠦᠭᠡᠬᠤᠲᠠ ᠳᠤ ᠡᠬᠢᠯᠡᠭᠦᠯᠵᠦ᠂ ᠪᠦᠭᠦ ᠣᠷᠣᠨ ᠤ ᠤᠯᠤᠰ ᠤᠨ ᠥᠮᠴᠢᠯᠡᠯᠲᠦ 100 ᠭᠠᠷᠤᠢ ᠤᠷᠠᠨ ᠰᠠᠶᠢᠬᠠᠨ ᠤ ᠬᠦᠷᠢᠶᠡᠯᠡᠩ ᠪᠦᠯᠭᠦᠮ ᠤᠨ ᠬᠢᠨ ᠦᠨᠳᠦᠰᠦᠨ ᠱᠠᠲᠤᠨ ᠳᠤ ᠪᠠᠭᠤᠵᠤ 3 ᠰᠠᠷ᠎ᠠ ᠶᠢᠨ ᠬᠤᠭᠤᠴᠠᠭᠠᠨ ᠳᠤ 1000 ᠲᠠᠯᠠᠪᠠᠶ ᠠᠴᠠ ᠳᠡᠭᠡᠭᠰᠢ ᠲᠣᠬᠯᠠᠯᠲᠠ ᠭᠠᠷᠭᠠᠬᠤ ᠪᠣᠯᠣᠨ᠎ᠠ᠃ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠤᠯᠠᠭᠠᠨᠮᠥ᠋ᠴᠢᠷ 11 ᠰᠠᠷ᠎ᠠ ᠶᠢᠨ 21᠎ ᠤ ᠡᠳᠦᠷ ︽ᠰᠣᠩᠭᠤᠳᠠᠭ ᠪᠦᠲᠦᠭᠡᠯ ᠢᠶᠠᠨ ᠡᠭᠦᠷᠢᠳᠡ ᠤᠯᠠᠮᠵᠢᠯᠠᠨ ᠨᠠᠮ ᠳᠠᠭᠠᠨ ᠲᠠᠯᠠᠷᠬᠠᠵᠤ ᠨᠠᠮ ᠤᠨ ᠦᠭᠡ ᠶᠢ ᠰᠣᠨᠣᠰᠤᠨ ᠨᠠᠮ ᠢᠶᠠᠨ ᠳᠠᠭᠠᠵᠤ ᠤᠷᠤᠭᠰᠢᠯᠠᠶ᠎ᠠ︾ ᠲᠤᠯᠭᠠᠭᠤᠷᠢ ᠶᠢᠨ ᠰᠣᠩᠭᠤᠳᠠᠭ ᠪᠦᠲᠦᠭᠡᠯ ᠎ ᠤᠨ ᠳᠠᠭᠤᠤ ᠬᠥᠭᠵᠢᠮ ᠤᠨ ᠦᠳᠡᠰᠢᠯᠡᠭᠡ ᠶᠢ ᠡᠷᠭᠢᠯᠡᠨ ᠶᠠᠪᠤᠭᠤᠯᠵᠤ᠂ ᠵᠠᠯᠭᠠᠭᠠᠳ ᠪᠠᠰᠠ ᠤᠯᠠᠭᠠᠨᠮᠥ᠋ᠴᠢᠷ ᠤᠨ ᠠᠬᠠᠮᠠᠳ ᠤᠷᠠᠯᠢᠭᠴᠢᠳ ᠤᠨ ᠰᠣᠩᠭᠤᠳᠠᠭ ᠪᠦᠲᠦᠭᠡᠯ ᠤᠨ ᠲᠣᠬᠯᠠᠯᠲᠠ ᠭᠠᠷᠭᠠᠨ ︽ᠤᠮᠠᠷᠠᠲᠤ ᠬᠢᠯᠢ ᠶᠢᠨ ᠰᠣᠶᠣᠯ︾᠎ ᠤᠨ ᠲᠦᠷᠦᠯ ᠲᠡᠮᠳᠡᠭ ᠢ ᠳᠠᠭᠤᠷᠢᠰᠤᠭᠤᠯᠬᠤ ᠳᠤ ᠬᠦᠴᠦᠨ ᠨᠡᠮᠡᠷᠢᠯᠡᠨ᠎ᠡ᠃ ᠡᠭᠦᠨ ᠠᠴᠠ ᠭᠠᠳᠠᠨ᠎ᠠ ᠭᠦᠭᠡᠬᠤᠲᠠ ᠎ ᠶᠢᠨ ᠦᠨᠳᠦᠰᠦᠲᠡᠨ ᠤ ᠲᠢᠶᠠᠲᠷ ᠤᠨ ᠰᠣᠩᠭᠤᠳᠠᠭ ᠪᠦᠲᠦᠭᠡᠯ ᠤᠨ ᠲᠣᠬᠯᠠᠯᠲᠠ᠂ ᠴᠢᠩ ᠱᠦᠢ ᠾᠧ ᠰᠢᠶᠠᠨ ᠤ ︽ᠪᠦᠭᠦ ᠤᠯᠤᠰ ᠤᠨ ᠬᠥᠳᠡᠭᠡ ᠲᠣᠰᠬᠤᠨ ᠤ ᠰᠣᠶᠣᠯ ᠤᠨ ᠠᠵᠢᠯᠯᠠᠭᠠᠨ ᠤ ᠰᠢᠨ᠎ᠡ ᠵᠢᠯ︾᠂ ᠪᠤᠭᠤᠲᠤ ᠬᠤᠲᠠ ᠶᠢᠨ ᠬᠤᠲᠠ ᠶᠢᠨ ᠠᠷᠠᠳ ᠤᠨ ᠳᠠᠭᠤᠤ ᠬᠥᠭᠵᠢᠮ ᠤᠨ ᠴᠤᠭᠯᠠᠭᠠᠨ᠂ ᠣᠷᠳᠣᠰ ᠬᠤᠲᠠ ᠶᠢᠨ ᠰᠣᠶᠣᠯ ᠤᠨ ᠠᠵᠤ ᠦᠢᠯᠡᠰ ᠤᠨ ᠦᠵᠡᠰᠭᠦᠯᠡᠩ ᠤᠨ ᠠᠷᠠᠯᠵᠢᠶ᠎ᠠ ᠴᠤᠭᠯᠠᠭᠠᠨ ᠤ ᠲᠣᠬᠯᠠᠯᠲᠠ᠂ ᠬᠥᠯᠥᠨ ᠪᠤᠶᠢᠷ ᠬᠤᠲᠠ ᠶᠢᠨ ᠡᠸᠡᠩᠬᠢ ᠬᠤᠰᠢᠭᠤᠨ ᠤ ᠡᠪᠦᠯ ᠤᠨ ᠤᠯᠠᠷᠢᠯ ᠤᠨ ᠨᠠᠭᠠᠳᠤᠮ᠂ ᠭᠡᠭᠡᠨ ᠭᠤᠣᠯ ᠬᠤᠲᠠ ᠶᠢᠨ ︽ᠬᠦᠢᠲᠡᠨ ᠤ ᠲᠤᠶᠢᠯ ᠤᠨ ᠨᠠᠭᠠᠳᠤᠮ︾᠂ ᠤᠯᠠᠭᠠᠨᠬᠠᠳᠠ ᠬᠤᠲᠠ ᠶᠢᠨ ᠳᠠᠯᠠᠶᠢᠨᠠᠭᠤᠷ ᠤᠨ ᠡᠪᠦᠯ ᠤᠨ ᠵᠢᠭᠠᠰᠤ ᠠᠩᠨᠠᠬᠤ ᠵᠢᠭᠤᠯᠴᠢᠯᠠᠯ ᠤᠨ ᠪᠠᠶᠠᠷ ᠤᠨ ᠲᠣᠬᠯᠠᠯᠲᠠ᠂ ᠤᠯᠠᠭᠠᠨᠴᠠᠪ ᠬᠤᠲᠠ ᠶᠢᠨ ᠵᠡᠭᠦᠨ ᠵᠠᠮ ᠤᠨ ᠡᠯ ᠷᠧᠨ ᠲᠠᠢ ᠵᠦᠴᠦᠭᠡ ᠶᠢᠨ ᠦᠵᠡᠭᠦᠯᠭᠡ ᠎ ᠶᠢᠨ ᠲᠣᠬᠯᠠᠯᠲᠠ ᠵᠡᠷᠭᠡ ᠡᠯ᠎ᠡ ᠠᠶᠢᠮᠠᠭ ᠬᠤᠲᠠ ᠬᠤᠰᠢᠭᠤ ᠰᠢᠶᠠᠨ ᠳᠤ ᠰᠣᠶᠣᠯ ᠵᠢᠭᠤᠯᠴᠢᠯᠠᠯ ᠠᠭᠤᠰᠤᠯᠴᠠᠭᠰᠠᠨ ᠡᠪᠦᠯ ᠤᠨ ᠤᠯᠠᠷᠢᠯ ᠤᠨ ᠲᠣᠬᠯᠠᠯᠲᠠ ᠶᠢᠨ ᠠᠵᠢᠯᠯᠠᠭ᠎ᠠ ᠶᠢ 974 ᠲᠠᠯᠠᠪᠠᠶ ᠲᠣᠬᠢᠷᠠᠭᠤᠯᠪᠠ᠃
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号