ᠮᠥᠰᠥ ᠴᠠᠰᠤᠨ ᠤ ᠬᠥᠳᠡᠯᠭᠡᠭᠡᠨ ᠢ ᠪᠠᠶᠢᠩᠭᠤᠵᠢᠭᠤᠯᠵᠤ ᠠᠷᠠᠳ ᠤᠯᠠᠨ ᠤ ᠠᠮᠢᠳᠤᠷᠠᠯ ᠢ ᠪᠠᠶᠠᠯᠢᠭᠵᠢᠭᠤᠯᠤᠨ᠎ᠠ
ᠨᠡᠶᠢᠲᠡᠯᠡᠭᠰᠡᠨ ᠴᠠᠭ᠄
2023/12/1
ᠮᠥᠰᠥ ᠴᠠᠰᠤᠨ ᠤ ᠬᠥᠳᠡᠯᠭᠡᠭᠡᠨ ᠢ ᠪᠠᠶᠢᠩᠭᠤᠵᠢᠭᠤᠯᠵᠤ ᠠᠷᠠᠳ ᠤᠯᠠᠨ ᠤ ᠠᠮᠢᠳᠤᠷᠠᠯ ᠢ ᠪᠠᠶᠠᠯᠢᠭᠵᠢᠭᠤᠯᠤᠨ᠎ᠠᠡᠪᠦᠯ ᠤᠨ ᠠᠭᠤᠷ ᠣᠷᠣᠵᠤ᠂ ᠬᠦᠢᠲᠡᠨ ᠤ ᠡᠷᠴᠢ ᠴᠢᠩᠭᠠᠷᠠᠬᠤ ᠶᠢ ᠳᠠᠭᠠᠯᠳᠤᠨ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠡᠳᠦᠷ ᠢᠷᠡᠬᠦᠶ᠎ᠡ ᠤᠶᠢᠷᠠᠳᠴᠤ ᠂ ᠮᠥᠰᠥ ᠴᠠᠰᠤᠨ ᠤ ᠦᠪᠡᠳᠡᠭᠰᠢ ᠨᠠᠶᠢᠷ ᠤᠨ ᠠᠭᠤᠷ ᠠᠮᠢᠰᠬᠤᠯ ᠤᠯᠠᠮ ᠠᠴᠠ ᠤᠯᠠᠮ ᠥᠳᠬᠡᠷᠡᠵᠦ᠂ ᠤᠯᠠᠨ ᠲᠦᠮᠡᠨ ᠤ ᠮᠥᠰᠥ ᠴᠠᠰᠤᠨ ᠤ ᠬᠥᠳᠡᠯᠭᠡᠭᠡᠨ ᠳᠤ ᠣᠷᠤᠯᠴᠠᠬᠤ ᠤᠷᠮ᠎ᠠ ᠰᠡᠳᠬᠢᠯᠭᠡ ᠴᠦ ᠤᠷᠢᠳ ᠭᠠᠷᠤᠭ᠎ᠠ ᠦᠭᠡᠢ ᠥᠨᠳᠥᠷᠵᠢᠨ᠎ᠡ᠃ ᠭᠡᠷ ᠤᠨ ᠭᠠᠳᠠᠭ᠎ᠠ ᠠᠴᠠ ᠭᠡᠷ ᠤᠨ ᠳᠣᠲᠣᠷ᠎ᠠ᠂ ᠮᠥᠰᠥ ᠴᠠᠰᠤᠨ ᠤ ᠬᠥᠳᠡᠯᠭᠡᠭᠡᠨ ᠠᠴᠠ ᠮᠥᠰᠥ ᠴᠠᠰᠤᠨ ᠤ ᠵᠤᠭ᠎ᠠ ᠰᠡᠯᠡᠭᠦᠴᠡᠯ᠂ ᠵᠦᠪᠭᠡᠨ ᠡᠪᠦᠯ ᠤᠨ ᠤᠯᠠᠷᠢᠯ ᠳᠤ ᠥᠷᠨᠢᠭᠦᠯᠬᠦ ᠠᠴᠠ ᠳᠥᠷᠪᠡᠨ ᠤᠯᠠᠷᠢᠯ ᠳᠤ ᠪᠠᠶᠢᠩᠭᠤᠵᠢᠭᠤᠯᠤᠭᠰᠠᠨ ᠭᠦᠷᠲᠡᠯ᠎ᠡ᠂ ᠮᠠᠨ ᠤ ᠣᠷᠣᠨ ᠮᠥᠰᠥ ᠴᠠᠰᠤᠨ ᠤ ᠬᠥᠳᠡᠯᠭᠡᠭᠡᠨ ᠢ ᠣᠯᠠᠨ ᠲᠦᠮᠡᠨ ᠤ ᠳᠤᠮᠳᠠ ᠦᠷᠭᠦᠯᠵᠢᠯᠡᠨ ᠲᠦᠭᠡᠮᠡᠯᠵᠢᠭᠦᠯᠵᠦ᠂ ᠮᠥᠰᠥ ᠴᠠᠰᠤᠨ ᠤ ᠬᠥᠳᠡᠯᠭᠡᠭᠡᠨ ᠢ ᠣᠯᠠᠨ ᠲᠦᠮᠡᠨ ᠤ ᠠᠮᠢᠳᠤᠷᠠᠯ ᠳᠤ ᠠᠭᠤᠰᠬᠠᠵᠤ᠂ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ ᠭᠡᠯᠪᠡᠷᠢ ᠪᠠᠷ ᠮᠥᠰᠥ ᠴᠠᠰᠤᠨ ᠤ ᠷᠢᠳᠢ ᠰᠢᠳᠢ ᠶᠢ ᠢᠯᠡᠷᠡᠭᠦᠯᠦᠨ᠎ᠡ᠃ ᠮᠥᠰᠥ ᠴᠠᠰᠤᠨ ᠤ ᠬᠥᠳᠡᠯᠭᠡᠭᠡᠨ ᠢ ᠦᠷᠭᠦᠯᠵᠢᠯᠡᠨ ᠲᠦᠭᠡᠮᠡᠯᠵᠢᠭᠦᠯᠵᠦ ᠪᠠᠶᠢᠩᠭᠤᠵᠢᠭᠤᠯᠤᠭᠰᠠᠨ ᠢᠶᠠᠷ ᠣᠯᠠᠨ ᠲᠦᠮᠡᠨ ᠤ ᠲᠠᠮᠢᠷ ᠤᠨ ᠬᠥᠳᠡᠯᠭᠡᠭᠡᠨ ᠵᠤᠭ᠎ᠠ ᠰᠡᠯᠡᠭᠦᠴᠡᠯ ᠤᠨ ᠠᠮᠢᠳᠤᠷᠠᠯ ᠢ ᠪᠠᠶᠠᠯᠢᠭᠵᠢᠭᠤᠯᠵᠤ᠂ ᠣᠯᠠᠨ ᠲᠦᠮᠡᠨ ᠳᠤ ᠵᠢᠯ ᠤᠨ ᠳᠥᠷᠪᠡᠨ ᠤᠯᠠᠷᠢᠯ ᠳᠤ ᠴᠥᠮ ᠮᠥᠰᠥ ᠴᠠᠰᠤᠨ ᠤ ᠬᠠᠪᠤ ᠴᠡᠩᠭᠡᠯ ᠢ ᠡᠳ᠋ᠯᠡᠭᠦᠯᠵᠦ ᠪᠠᠶᠢᠨ᠎ᠠ᠃ ᠨᠡᠶᠢᠭᠡᠮ ᠲᠣᠭᠤᠷᠢᠭ ᠲᠤ ᠮᠥᠰᠥ ᠴᠠᠰᠤᠨ ᠤ ᠬᠥᠳᠡᠯᠭᠡᠭᠡᠨ ᠥᠷᠨᠢᠩᠭᠦᠢᠡᠨᠡ ᠵᠢᠯ᠂ ᠨᠡᠶᠢᠭᠡᠮ ᠲᠣᠭᠤᠷᠢᠭ ᠤᠨ ᠪᠡᠶ᠎ᠡ ᠶᠢᠨ ᠲᠠᠮᠢᠷ ᠤᠨ ᠴᠤᠭᠯᠠᠭᠠᠨ ᠬᠤᠷ᠎ᠠ ᠶᠢᠨ ᠳᠠᠷᠠᠭᠠᠬᠢ ᠬᠤᠯᠤᠰᠤᠨ ᠰᠦᠶ᠎ᠡ ᠮᠡᠲᠦ ᠪᠦᠭᠦ ᠣᠷᠣᠨ ᠤ ᠡᠯ᠎ᠡ ᠭᠠᠵᠠᠷ ᠲᠤ ᠥᠷᠨᠢᠨ ᠬᠥᠭᠵᠢᠵᠦ᠂ ᠮᠥᠰᠥ ᠴᠠᠰᠤᠨ ᠤ ᠬᠥᠳᠡᠯᠭᠡᠭᠡᠨ ᠤ ᠲᠥᠷᠥᠯ ᠵᠦᠢᠯ ᠨᠢ ᠣᠯᠠᠨ ᠲᠦᠮᠡᠨ ᠤ ᠳᠤᠷ᠎ᠠ ᠰᠣᠨᠢᠷᠬᠠᠯ ᠢ ᠨᠡᠩ ᠢᠯᠡᠭᠦᠦ ᠲᠠᠲᠠᠵᠠᠢ᠃ ᠰᠢᠷᠡᠭᠡᠨ ᠳᠡᠭᠡᠷᠡᠬᠢ ᠮᠥᠰᠥᠨ ᠳᠡᠪᠦᠷ᠎ᠡ᠂ ᠬᠠᠭᠤᠷᠠᠢ ᠭᠠᠵᠠᠷ ᠤᠨ ᠮᠥᠰᠥᠨ ᠳᠡᠪᠦᠷ᠎ᠡ᠂ ᠬᠠᠭᠤᠷᠠᠢ ᠭᠠᠵᠠᠷ ᠤᠨ ᠮᠥᠰᠥᠨ ᠪᠥᠮᠪᠦᠭᠡ᠂ ᠮᠥᠰᠥᠨ ᠪᠥᠮᠪᠦᠭᠡ᠂ ᠴᠠᠰᠤᠨ ᠪᠠᠶᠢᠯᠳᠤᠭᠠᠨ ᠁ ᠭᠡᠬᠦᠴᠢᠯᠡᠨ ᠪᠠᠶᠠᠯᠢᠭ ᠰᠠᠶᠢᠬᠠᠨ ᠳᠥᠷᠪᠡᠨ ᠤᠯᠠᠷᠢᠯ ᠤᠨ ᠮᠥᠰᠥ ᠴᠠᠰᠤᠨ ᠤ ᠬᠥᠳᠡᠯᠭᠡᠭᠡᠨ ᠤ ᠲᠥᠷᠥᠯ ᠵᠦᠢᠯ ᠨᠢ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠠᠮᠢᠳᠤᠷᠠᠯ ᠢ ᠨᠡᠩ ᠪᠠᠶᠠᠯᠢᠭᠵᠢᠭᠤᠯᠪᠠ᠃ ᠡᠯ᠎ᠡ ᠠᠶᠢᠮᠠᠭ ᠬᠤᠲᠠ ᠨᠡᠶᠢᠭᠡᠮ ᠲᠣᠭᠤᠷᠢᠭ ᠤᠨ ᠮᠥᠰᠥ ᠴᠠᠰᠤᠨ ᠤ ᠪᠡᠶ᠎ᠡ ᠶᠢᠨ ᠲᠠᠮᠢᠷ ᠤᠨ ᠴᠤᠭᠯᠠᠭᠠᠨ ᠢ ᠥᠷᠭᠡᠨ ᠢᠶᠠᠷ ᠡᠷᠭᠢᠯᠡᠵᠦ᠂ ᠮᠥᠰᠥ ᠴᠠᠰᠤᠨ ᠤ ᠬᠥᠳᠡᠯᠭᠡᠭᠡᠨ ᠢ ᠭᠡᠷ ᠪᠦᠯᠢ ᠶᠢᠨ ᠲᠠᠮᠢᠷ ᠤᠨ ᠬᠥᠳᠡᠯᠭᠡᠭᠡᠨ᠂ ᠰᠣᠨᠢᠷᠬᠠᠯᠳᠤ ᠤᠷᠤᠯᠳᠤᠭᠠᠨ ᠲᠠᠢ ᠤᠶᠠᠯᠳᠤᠭᠤᠯᠤᠨ᠂ ᠪᠡᠶᠡᠴᠢᠯᠡᠨ ᠣᠶᠢᠯᠠᠭᠠᠬᠤ ᠲᠣᠭᠤᠷᠢᠭ᠂ ᠮᠥᠰᠥ ᠴᠠᠰᠤᠨ ᠤ ᠬᠥᠳᠡᠯᠭᠡᠭᠡᠨ ᠤ ᠪᠠᠭᠠᠵᠢ ᠬᠡᠷᠡᠭᠰᠡᠯ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠮᠡᠳᠡᠯᠭᠡ ᠶᠢᠨ ᠰᠠᠮᠪᠠᠷ᠎ᠠ ᠵᠡᠷᠭᠡ ᠶᠢ ᠪᠠᠶᠢᠷᠢᠯᠠᠭᠤᠯᠵᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠣᠶᠢᠷ᠎ᠠ ᠬᠠᠪᠢ ᠳᠠᠭᠠᠨ ᠮᠥᠰᠥ ᠴᠠᠰᠤᠨ ᠤ ᠬᠥᠳᠡᠯᠭᠡᠭᠡᠨ ᠳᠤ ᠣᠷᠤᠯᠴᠠᠬᠤ ᠳᠤ ᠲᠥᠭᠦᠮ ᠦᠵᠡᠭᠦᠯᠵᠦ᠂ ᠦᠨᠳᠦᠰᠦᠨ ᠱᠠᠲᠤᠨ ᠤ ᠮᠥᠰᠥ ᠴᠠᠰᠤᠨ ᠤ ᠬᠥᠳᠡᠯᠭᠡᠭᠡᠨ ᠤ ᠰᠢᠨ᠎ᠡ ᠥᠷᠨᠢᠯᠲᠡ ᠶᠢ ᠪᠤᠶ ᠪᠣᠯᠭᠠᠪᠠ᠃ ᠰᠢᠷᠡᠭᠡᠨ ᠳᠡᠭᠡᠷᠡᠬᠢ ᠮᠥᠰᠥᠨ ᠳᠡᠪᠦᠷ᠎ᠡ ᠶᠢᠨ ᠬᠥᠳᠡᠯᠭᠡᠭᠡᠨ ᠨᠢ ᠬᠥᠳᠡᠯᠭᠡᠭᠡᠨ ᠤ ᠬᠡᠮᠵᠢᠶ᠎ᠡ ᠨᠢ ᠲᠣᠬᠢᠷᠠᠮᠵᠢᠲᠠᠢ᠂ ᠠᠶᠤᠯᠭᠦᠢ ᠴᠢᠨᠠᠷ ᠢᠶᠠᠷ ᠴᠢᠩᠭ᠎ᠠ᠂ ᠣᠷᠤᠯᠴᠠᠬᠤ ᠴᠢᠨᠠᠷ ᠢᠶᠠᠷ ᠴᠢᠩᠭ᠎ᠠ ᠪᠠᠶᠢᠳᠠᠭ ᠢᠶᠠᠷ ᠢᠳᠡᠷ ᠥᠲᠡᠯᠦᠭᠡ ᠨᠠᠰᠤᠨ ᠤ ᠬᠥᠮᠥᠰ ᠤᠨ ᠰᠣᠨᠢᠷᠬᠠᠯ ᠢ ᠲᠠᠲᠠᠵᠤ᠂ ᠨᠡᠶᠢᠭᠡᠮ ᠲᠣᠭᠤᠷᠢᠭ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠰᠢᠨ᠎ᠡ ᠬᠠᠯᠠᠮᠰᠢᠯ ᠪᠣᠯᠵᠠᠢ᠃ ︽ᠪᠢ ᠴᠠᠰᠤᠨ ᠳᠤ ᠴᠠᠨᠠᠯᠠᠵᠤ ᠮᠥᠰᠥᠨ ᠳᠤ ᠲᠡᠰᠢᠵᠦ ᠴᠢᠳᠠᠬᠤ ᠦᠭᠡᠢ᠂ ᠲᠧᠯᠸᠢᠰ ᠠᠴᠠ ᠮᠥᠰᠥ ᠴᠠᠰᠤᠨ ᠤ ᠬᠥᠳᠡᠯᠭᠡᠭᠡᠨ ᠢ ᠦᠵᠡᠬᠦ ᠪᠦᠷᠢ ᠲᠤᠩ ᠬᠠᠷᠠᠮᠰᠠᠯᠲᠠᠢ ᠰᠠᠨᠠᠭᠳᠠᠵᠤ᠂ ᠪᠡᠶᠡᠴᠢᠯᠡᠨ ᠣᠶᠢᠯᠠᠭᠠᠬᠤ ᠶᠢ ᠪᠤᠳᠤᠳᠠᠭ ᠪᠠᠶᠢᠵᠠᠢ᠂ ᠤᠳᠤ ᠮᠥᠰᠥᠨ ᠳᠡᠪᠦᠷ᠎ᠡ ᠶᠢᠨ ᠬᠥᠳᠡᠯᠭᠡᠭᠡᠨ ᠳᠤ ᠣᠷᠣᠯᠴᠠᠬᠰᠠᠨ ᠨᠢ ᠨᠠᠳᠠ ᠳᠤ ᠮᠥᠰᠥ ᠴᠠᠰᠤᠨ ᠤ ᠬᠥᠳᠡᠯᠭᠡᠭᠡᠨ ᠤ ᠬᠠᠪᠤ ᠴᠡᠩᠭᠡᠯ ᠢ ᠡᠳ᠋ᠯᠡᠭᠦᠯᠵᠦ᠂ ᠮᠥᠰᠥ ᠴᠠᠰᠤᠨ ᠤ ᠬᠦᠰᠡᠯ ᠵᠡᠭᠦᠳᠦ ᠶᠢ ᠮᠢᠨᠢ ᠲᠡᠷᠭᠡᠯᠰᠢᠭᠦᠯᠦᠯ᠎ᠡ᠃ ᠨᠡᠩ ᠤᠯᠠᠨ ᠢᠳᠡᠷ ᠥᠲᠡᠯᠦᠭᠡ ᠨᠠᠰᠤᠨ ᠤ ᠬᠥᠮᠥᠰ ᠮᠥᠰᠥ ᠴᠠᠰᠤᠨ ᠤ ᠬᠥᠳᠡᠯᠭᠡᠭᠡᠨ ᠳᠤ ᠤᠷᠤᠯᠴᠠᠵᠤ ᠪᠠᠶᠢᠬᠤ ᠶᠢ ᠬᠠᠷᠠᠭᠠᠳ ᠪᠢ ᠪᠠᠰᠠ ᠮᠠᠰᠢ ᠪᠠᠶᠠᠷᠲᠠᠢ ᠪᠠᠶᠢᠨ᠎ᠠ︾ ᠭᠡᠵᠦ ᠠᠵᠢᠯ ᠠᠴᠠ ᠪᠠᠨ ᠠᠮᠠᠷᠠᠭᠰᠠᠨ ᠭᠦᠭᠡᠬᠤᠲᠠ ᠶᠢᠨ ᠰᠠᠶᠢᠬᠠᠨ ᠲᠣᠭᠤᠷᠢᠭ ᠤᠨ ᠶᠡᠭᠡ ᠰᠤᠷᠭᠠᠭᠤᠯᠢ ᠶᠢᠨ ᠵᠡᠭᠦᠨ ᠵᠠᠮ ᠤᠨ ᠵᠡᠭᠡᠯᠢ ᠭᠤᠳᠤᠮᠵᠢ ᠶᠢᠨ ᠮᠢᠩ ᠾᠧ ᠶᠤᠸᠠᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠸᠠᠩ ᠵᠢᠶᠠᠨ ᠭᠦᠸᠧ ᠬᠡᠯᠡᠵᠦ ᠪᠠᠶᠢᠯ᠎ᠠ᠃ ᠦᠨᠳᠦᠰᠦᠨ ᠱᠠᠲᠤᠨ ᠤ ᠣᠯᠠᠨ ᠲᠦᠮᠡᠨ ᠪᠠᠶᠠᠷ ᠭᠦᠷ ᠢᠶᠠᠷ ᠪᠢᠯᠬᠠᠮ᠎ᠠᠣᠯᠠᠨ ᠲᠦᠮᠡᠨᠴᠢ ᠴᠢᠨᠠᠷᠲᠠᠢ ᠮᠥᠰᠥ ᠴᠠᠰᠤᠨ ᠤ ᠬᠥᠳᠡᠯᠭᠡᠭᠡᠨ ᠢ ᠦᠨᠳᠦᠰᠦᠨ ᠱᠠᠲᠤ ᠲᠡᠶᠢᠰᠢ ᠦᠷᠭᠦᠯᠵᠢᠯᠡᠨ ᠭᠦᠨᠵᠡᠭᠡᠶᠢᠷᠡᠭᠦᠯᠬᠦ ᠶᠢᠨ ᠲᠥᠯᠥᠭᠡ᠂ ᠮᠠᠨ ᠤ ᠣᠷᠣᠨ ᠨᠡᠶᠢᠭᠡᠮ ᠲᠣᠭᠤᠷᠢᠭ ᠤᠨ ᠪᠡᠶ᠎ᠡ ᠶᠢᠨ ᠲᠠᠮᠢᠷ ᠤᠨ ᠴᠤᠭᠯᠠᠭᠠᠨ ᠠᠴᠠ ᠭᠠᠳᠠᠨ᠎ᠠ᠂ ᠪᠠᠰᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶ᠎ᠠ᠂ ᠥᠪᠥᠷ ᠮᠣᠩᠭᠤᠯ ᠤᠨ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠶᠡᠷᠦᠩᠬᠡᠢ ᠥᠷᠲᠡᠭᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠰᠤᠷᠭᠠᠭᠤᠯᠢ ᠵᠡᠷᠭᠡ ᠨᠢᠭᠡᠴᠢ ᠪᠠ ᠰᠤᠷᠭᠠᠭᠤᠯᠢ ᠳᠤ ᠮᠥᠰᠥ ᠴᠠᠰᠤᠨ ᠤ ᠬᠥᠳᠡᠯᠭᠡᠭᠡᠨ ᠢ ᠢᠳᠡᠪᠬᠢᠲᠡᠢ ᠥᠷᠨᠢᠭᠦᠯᠪᠡ᠃ ᠲᠦᠷᠦᠭᠦᠬᠡᠨ ᠭᠦᠭᠡᠬᠤᠲᠠ ᠶᠢᠨ ᠰᠢᠨ᠎ᠡ ᠬᠤᠲᠠ ᠲᠣᠭᠤᠷᠢᠭ ᠤᠨ ᠪᠣᠷᠣᠬᠤᠰᠢᠭᠤ ᠪᠠᠯᠭᠠᠰᠤᠨ ᠤ ᠢᠮᠠᠭᠠᠲᠤ ᠲᠣᠰᠬᠤᠨ ᠳᠤ ᠪᠡᠶ᠎ᠡ ᠶᠢᠨ ᠲᠠᠮᠢᠷ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠠᠪᠤᠭᠳᠠᠪᠠ᠃ ᠥᠪᠥᠷ ᠮᠣᠩᠭᠤᠯ ᠤᠨ ᠮᠥᠰᠥ ᠴᠠᠰᠤᠨ ᠤ ᠬᠥᠳᠡᠯᠭᠡᠭᠡᠨ ᠤ ᠨᠡᠶᠢᠭᠡᠮᠯᠢᠭ ᠤᠨ ᠠᠵᠢᠯᠲᠠᠳ ᠠᠬᠤᠢ ᠲᠠᠯᠠᠪᠠᠶ ᠳᠤ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠪᠡᠶ᠎ᠡ ᠶᠢᠨ ᠲᠠᠮᠢᠷ ᠤᠨ ᠮᠡᠳᠡᠯᠭᠡ ᠵᠡᠷᠭᠡ ᠶᠢ ᠲᠠᠶᠢᠯᠪᠤᠷᠢᠯᠠᠨ ᠤᠬᠠᠭᠤᠯᠵᠤ᠂ ᠪᠠᠰᠠ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠡᠶ᠎ᠡ ᠶᠢᠨ ᠲᠠᠮᠢᠷ ᠤᠨ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠦᠭᠦ ᠠᠷᠠᠳ ᠤᠨ ᠪᠡᠶ᠎ᠡ ᠴᠢᠭᠢᠷᠠᠭᠵᠢᠭᠤᠯᠤᠯᠲᠠ ᠶᠢᠨ ᠬᠡᠷᠡᠭᠵᠢᠭᠦᠯᠬᠦ ᠲᠥᠯᠥᠪᠯᠡᠭᠡ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠤᠨ ᠲᠦᠭᠡᠮᠡᠯᠵᠢᠭᠦᠯᠪᠡ᠃ ᠥᠪᠥᠷ ᠮᠣᠩᠭᠤᠯ ᠤᠨ ᠮᠥᠰᠥ ᠴᠠᠰᠤᠨ ᠬᠥᠳᠡᠯᠭᠡᠭᠡᠨ ᠤ ᠨᠡᠶᠢᠭᠡᠮᠯᠢᠭ ᠰᠣᠨᠢᠷᠬᠠᠯᠳᠤ ᠲᠠᠮᠢᠷ ᠤᠨ ᠴᠤᠭᠯᠠᠭᠠᠨ ᠡᠷᠭᠢᠯᠡᠭᠦ ᠭᠡᠯᠪᠡᠷᠢ ᠪᠠᠷ ᠰᠠᠭᠤᠭᠠᠯᠢ ᠠᠷᠠᠳ ᠤᠨ ᠮᠥᠰᠥ ᠴᠠᠰᠤᠨ ᠤ ᠬᠠᠯᠠᠭᠤᠨ ᠰᠡᠳᠬᠢᠯᠭᠡ ᠶᠢ ᠦᠷᠭᠦᠯᠵᠢᠯᠡᠨ ᠬᠥᠭᠵᠢᠭᠡᠪᠡ᠃ ᠬᠠᠭᠤᠷᠠᠢ ᠭᠠᠵᠠᠷ ᠤᠨ ᠮᠥᠰᠥᠨ ᠪᠥᠮᠪᠦᠭᠡ ᠶᠢᠨ ᠰᠢᠷᠦᠭᠦᠨ ᠮᠥᠷᠥᠶᠢᠴᠡᠭᠡᠨ ᠳᠤ᠂ ᠢᠮᠠᠭᠠᠲᠤ ᠲᠣᠰᠬᠤᠨ ᠤ ᠣᠷᠣᠯᠴᠠᠭᠰᠠᠳ ᠬᠤᠶᠠᠷ ᠠᠩᠭᠢ ᠬᠤᠪᠢᠶᠠᠨ᠂ ᠪᠦᠭᠦ ᠬᠦᠴᠦᠨ ᠢᠶᠠᠷ ᠢᠶᠠᠨ ᠭᠤᠶᠢᠳᠠ ᠰᠠᠶᠢᠬᠠᠨ ᠳᠠᠶᠢᠯᠠᠯᠳᠤᠯ᠎ᠠ᠃ ᠭᠦᠷ ᠬᠥᠭᠵᠢᠶᠡᠨ ᠲᠠᠢ ᠮᠥᠰᠥᠨ ᠪᠥᠮᠪᠦᠭᠡ ᠶᠢᠨ ᠤᠷᠤᠯᠳᠤᠭᠠᠨ ᠳᠤ ᠤᠤᠬᠠᠶᠢᠯᠠᠯ ᠬᠠᠰᠬᠢᠷᠤᠯ ᠠᠬᠢᠨ ᠳᠠᠭᠢᠨ ᠰᠣᠨᠣᠰᠳᠠᠨ᠎ᠠ᠃ ᠪᠡᠶ᠎ᠡ ᠶᠢᠨ ᠲᠠᠮᠢᠷ ᠤᠨ ᠪᠠᠭᠠᠵᠢ ᠬᠡᠷᠡᠭᠰᠡᠯ ᠬᠠᠨᠳᠢᠪᠯᠡᠬᠤ᠂ ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠲᠠᠶᠢᠯᠤᠮᠵᠢ ᠬᠢᠬᠦ᠂ ᠬᠥᠳᠡᠯᠭᠡᠭᠡᠨ ᠤ ᠭᠡᠮᠲᠦᠯ ᠰᠢᠷᠬᠠᠲᠤᠯ ᠤᠨ ᠠᠯᠪᠠᠨ ᠵᠢᠷᠤᠮ ᠤᠨ ᠡᠮᠴᠢᠯᠡᠭᠡ᠂ ᠪᠡᠶ᠎ᠡ ᠶᠢᠨ ᠲᠠᠮᠢᠷ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠵᠡᠷᠭᠡ ᠨᠢ ᠠᠵᠢᠯᠯᠠᠭᠠᠨ ᠤ ᠰᠢᠨ᠎ᠡ ᠭᠢᠯᠠᠰ ᠴᠡᠭ ᠪᠣᠯᠵᠤ᠂ ᠲᠣᠰᠬᠤᠨ ᠤ ᠠᠷᠠᠳ ᠮᠥᠰᠥ ᠴᠠᠰᠤᠨ ᠤ ᠬᠥᠳᠡᠯᠭᠡᠭᠡᠨ ᠤ ᠮᠡᠳᠡᠯᠭᠡ ᠶᠢ ᠰᠤᠷᠤᠯᠴᠠᠵᠤ᠂ ᠲᠠᠮᠢᠷ ᠤᠨ ᠬᠥᠳᠡᠯᠭᠡᠭᠡᠨ ᠤ ᠤᠷ᠎ᠠ ᠴᠢᠳᠠᠪᠤᠷᠢ ᠶᠢ ᠡᠵᠡᠮᠰᠢᠬᠦ ᠶᠢᠨ ᠬᠠᠮᠲᠤ ᠮᠥᠰᠥ ᠴᠠᠰᠤᠨ ᠤ ᠬᠥᠳᠡᠯᠭᠡᠭᠡᠨ ᠤ ᠥᠪᠡᠷᠮᠢᠴᠡ ᠷᠢᠳᠢ ᠰᠢᠳᠢ ᠶᠢ ᠮᠡᠳᠡᠷᠡᠵᠦ᠂ ᠮᠥᠰᠥ ᠴᠠᠰᠤᠨ ᠤ ᠬᠥᠳᠡᠯᠭᠡᠭᠡᠨ ᠳᠤ ᠤᠷᠤᠯᠴᠠᠵᠤ ᠪᠡᠶ᠎ᠡ ᠴᠢᠭᠢᠷᠠᠭᠵᠢᠭᠤᠯᠬᠤ ᠰᠢᠨ᠎ᠡ ᠥᠷᠨᠢᠯᠲᠡ ᠭᠠᠷᠭᠠᠪᠠ᠃ ᠮᠥᠰᠥ ᠴᠠᠰᠤᠨ ᠤ ᠬᠥᠳᠡᠯᠭᠡᠭᠡᠨ ᠳᠥᠷᠪᠡᠨ ᠤᠯᠠᠷᠢᠯ ᠳᠤ ᠪᠠᠶᠢᠩᠭᠤᠵᠢᠪᠠᠡᠨᠡ ᠵᠢᠯ ᠤᠨ 9 ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠶᠡᠷᠦᠩᠬᠡᠢ ᠡᠪᠯᠡᠯ ᠠᠴᠠ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠮᠥᠰᠥ ᠴᠠᠰᠤᠨ ᠤ ᠬᠥᠳᠡᠯᠭᠡᠭᠡᠨ ᠢᠶᠠᠷ ᠠᠷᠠᠳ ᠲᠤ ᠠᠰᠢᠭ ᠬᠦᠷᠲᠡᠭᠡᠬᠦ ᠰᠢᠷᠢᠰ ᠠᠵᠢᠯᠯᠠᠭ᠎ᠠ ᠵᠢᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠥᠷᠪᠡᠨ ᠤᠯᠠᠷᠢᠯ ᠤᠨ ᠮᠥᠰᠥ ᠴᠠᠰᠤᠨ ᠤ ᠨᠠᠶᠢᠷ ᠢ ᠡᠷᠭᠢᠯᠡᠪᠡ᠃ ᠴᠠᠨᠠᠯᠠᠯᠲᠠ ᠶᠢᠨ ᠲᠠᠯᠠᠪᠠᠢ ᠭᠦᠷ ᠬᠥᠭᠵᠢᠶᠡᠨ ᠢᠶᠠᠷ ᠪᠢᠯᠬᠠᠵᠤ ᠂ ᠭᠤᠶᠢᠳᠠ ᠰᠠᠶᠢᠬᠠᠨ ᠲᠣᠬᠯᠠᠯᠲᠠ ᠨᠢ ᠦᠵᠡᠭᠴᠢᠳ ᠲᠤ ᠳᠥᠷᠪᠡᠨ ᠤᠯᠠᠷᠢᠯ ᠤᠨ ᠮᠥᠰᠥ ᠴᠠᠰᠤᠨ ᠤ ᠬᠥᠳᠡᠯᠭᠡᠭᠡᠨ ᠤ ᠷᠢᠳᠢ ᠰᠢᠳᠢ ᠶᠢ ᠭᠠᠶᠢᠬᠠᠭᠤᠯᠤᠯ᠎ᠠ᠃ ᠠᠵᠢᠯᠯᠠᠭ᠎ᠠ ᠨᠢ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠪᠡᠯᠡᠳᠬᠡᠯ ᠠᠵᠢᠯ ᠲᠠᠢ ᠨᠢᠭᠲᠠ ᠤᠶᠠᠯᠳᠤᠵᠤ᠂ ᠲᠣᠬᠯᠠᠯᠲᠠ ᠶᠢᠨ ᠴᠢᠨᠠᠷ᠂ ᠪᠡᠶᠡᠴᠢᠯᠡᠨ ᠣᠶᠢᠯᠠᠭᠠᠬᠤ ᠴᠢᠨᠠᠷ᠂ ᠬᠠᠷᠢᠯᠴᠠᠨ ᠦᠢᠯᠡᠳᠦᠯᠴᠡᠬᠦ ᠴᠢᠨᠠᠷ ᠵᠡᠷᠭᠡ ᠬᠠᠷᠠᠭᠠᠰᠤ ᠠᠴᠠ ᠰᠢᠷᠡᠭᠡᠨ ᠳᠡᠭᠡᠷᠡᠬᠢ ᠮᠥᠰᠥᠨ ᠳᠡᠪᠦᠷ᠎ᠡ᠂ ᠬᠠᠭᠤᠷᠠᠢ ᠭᠠᠵᠠᠷ ᠤᠨ ᠮᠥᠰᠥᠨ ᠪᠥᠮᠪᠦᠭᠡ ᠵᠡᠷᠭᠡ ᠳᠥᠷᠪᠡᠨ ᠤᠯᠠᠷᠢᠯ ᠤᠨ ᠮᠥᠰᠥ ᠴᠠᠰᠤᠨ ᠤ ᠬᠥᠳᠡᠯᠭᠡᠭᠡᠨ ᠤ ᠲᠥᠷᠥᠯ ᠵᠦᠢᠯ ᠢ ᠬᠤᠪᠢᠩ ᠰᠢᠳᠡᠬᠦ᠂ ᠨᠢᠰᠦᠭᠡ ᠲᠠᠪᠠᠭ᠂ ᠬᠠᠷᠪᠤᠯᠲᠠ ᠵᠡᠷᠭᠡ ᠰᠣᠨᠢᠷᠬᠠᠯᠲᠠᠢ ᠬᠥᠳᠡᠯᠭᠡᠭᠡᠨ ᠤ ᠲᠥᠷᠥᠯ ᠵᠦᠢᠯ ᠲᠠᠢ ᠠᠭᠤᠰᠤᠯᠴᠠᠭᠤᠯᠵᠤ᠂ ᠣᠷᠣᠨ ᠳᠠᠶᠠᠭᠠᠷ ᠲᠤ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠢ ᠪᠠᠶᠠᠷᠯᠠᠨ ᠤᠭᠲᠤᠬᠤ ᠥᠳᠬᠡᠨ ᠵᠤᠵᠠᠭᠠᠨ ᠠᠭᠤᠷ ᠠᠮᠢᠰᠬᠤᠯ ᠢ ᠪᠤᠶ ᠪᠣᠯᠭᠠᠪᠠ᠃ ᠮᠥᠰᠥ ᠴᠠᠰᠤᠨ ᠤ ᠬᠥᠳᠡᠯᠭᠡᠭᠡᠨ ᠥᠪᠥᠷ ᠮᠣᠩᠭᠤᠯ ᠳᠤ ᠲᠦᠭᠡᠮᠡᠯᠵᠢᠬᠦ ᠪᠠ ᠬᠥᠭᠵᠢᠬᠦ ᠶᠢ ᠳᠠᠭᠠᠯᠳᠤᠨ᠂ ᠳᠥᠷᠪᠡᠨ ᠤᠯᠠᠷᠢᠯ ᠤᠨ ᠮᠥᠰᠥ ᠴᠠᠰᠤᠨ ᠤ ᠬᠥᠳᠡᠯᠭᠡᠭᠡᠨ ᠠᠭᠠᠵᠢᠮ ᠢᠶᠠᠷ ᠣᠯᠠᠨ ᠲᠦᠮᠡᠨ ᠳᠤ ᠲᠠᠨᠢᠭᠳᠠᠪᠠ᠃ ᠤᠯᠠᠮᠵᠢᠯᠠᠯᠲᠤ ᠮᠥᠰᠥ ᠴᠠᠰᠤᠨ ᠤ ᠬᠥᠳᠡᠯᠭᠡᠭᠡᠨ ᠲᠠᠢ ᠠᠳᠠᠯᠢ ᠦᠭᠡᠢ ᠵᠦᠢᠯ ᠭᠡᠪᠡᠯ᠂ ᠳᠥᠷᠪᠡᠨ ᠤᠯᠠᠷᠢᠯ ᠤᠨ ᠮᠥᠰᠥ ᠴᠠᠰᠤᠨ ᠤ ᠬᠥᠳᠡᠯᠭᠡᠭᠡᠨ ᠤ ᠲᠥᠷᠥᠯ ᠵᠦᠢᠯ ᠨᠢ ᠤᠯᠠᠷᠢᠯ ᠪᠠ ᠲᠠᠯᠠᠪᠤᠷ ᠭᠠᠵᠠᠷ ᠤᠨ ᠬᠢᠵᠠᠭᠠᠷᠯᠠᠯ ᠢ ᠳᠠᠪᠠᠵᠤ᠂ ᠨᠥᠬᠦᠴᠡᠯ ᠱᠠᠭᠠᠷᠳᠠᠯᠭ᠎ᠠ ᠦᠭᠡᠢ᠂ ᠰᠦᠢᠳᠬᠡᠯ ᠪᠠᠭ᠎ᠠ᠂ ᠳᠥᠭᠦᠮ ᠳᠥᠲᠡ ᠪᠠᠶᠢᠳᠠᠭ ᠢᠶᠠᠷ ᠢᠶᠠᠨ ᠣᠯᠠᠨ ᠤ ᠬᠦᠷᠢᠶᠡᠯᠡᠯ ᠢ ᠣᠯᠵᠤ ᠪᠠᠶᠢᠨ᠎ᠠ᠃ ︽ᠪᠢᠳᠡ ᠳᠥᠷᠪᠡᠨ ᠤᠯᠠᠷᠢᠯ ᠤᠨ ᠮᠥᠰᠥ ᠴᠠᠰᠤᠨ ᠤ ᠬᠥᠳᠡᠯᠭᠡᠭᠡᠨ ᠤ ᠲᠥᠷᠥᠯ ᠵᠦᠢᠯ ᠢ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠯᠤᠭ᠎ᠠ ᠨᠡᠩ ᠭᠦᠨᠵᠡᠭᠡᠢ ᠠᠭᠤᠰᠤᠯᠴᠠᠭᠤᠯᠵᠤ᠂ ᠡᠶᠢᠮᠦᠷᠬᠦᠦ ᠠᠷᠠᠳ ᠤᠯᠠᠨ ᠳᠤ ᠲᠥᠭᠦᠮ ᠳᠥᠲᠡ᠂ ᠠᠷᠠᠳ ᠤᠯᠠᠨ ᠲᠠᠢ ᠣᠶᠢᠷᠠᠲᠤᠭᠰᠠᠨ ᠠᠷᠭ᠎ᠠ ᠭᠡᠯᠪᠡᠷᠢ ᠪᠠᠷ ᠳᠠᠮᠵᠢᠭᠤᠯᠤᠨ᠂ ᠨᠠᠩ ᠣᠯᠠᠨ ᠬᠥᠮᠥᠰ ᠢ ᠳᠠᠶᠢᠴᠢᠯᠠᠨ ᠮᠥᠰᠥ ᠴᠠᠰᠤᠨ ᠤ ᠬᠥᠳᠡᠯᠭᠡᠭᠡᠨ ᠳᠤ ᠣᠷᠣᠯᠴᠠᠭᠤᠯᠬᠤ ᠶᠢᠨ ᠬᠠᠮᠲᠤ ᠲᠠᠳᠡ ᠨᠠᠷ ᠤᠨ ᠪᠡᠶ᠎ᠡ ᠮᠠᠬᠠᠪᠤᠳ ᠤᠨ ᠬᠡᠪ ᠴᠢᠨᠠᠷ ᠢ ᠳᠡᠭᠡᠭᠰᠢᠯᠡᠭᠦᠯᠵᠦ᠂ ᠮᠥᠰᠥ ᠴᠠᠰᠤᠨ ᠤ ᠬᠥᠳᠡᠯᠭᠡᠭᠡᠨ ᠤ ᠬᠠᠪᠤ ᠴᠡᠩᠭᠡᠯ ᠢ ᠡᠳ᠋ᠯᠡᠭᠦᠯᠭᠦ ᠶᠢ ᠬᠦᠰᠡᠵᠦ ᠪᠠᠶᠢᠨ᠎ᠠ︾ ᠭᠡᠵᠦ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠶᠡᠷᠦᠩᠬᠡᠢ ᠡᠪᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠶᠠᠷᠢᠨ᠎ᠠ᠃ ᠣᠶᠢᠷ᠎ᠠ ᠶᠢᠨ ᠵᠢᠯ ᠳᠤ᠂ ᠥᠪᠡᠷᠲᠡᠭᠡᠨ ᠵᠠᠰᠠᠬᠤ ᠣᠷᠣᠨ ᠮᠥᠰᠥ ᠴᠠᠰᠤᠨ ᠤ ᠡᠬᠢ ᠪᠠᠶᠠᠯᠢᠭ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠮᠥᠰᠥ ᠴᠠᠰᠤᠨ ᠤ ᠬᠥᠳᠡᠯᠭᠡᠭᠡᠨ ᠢ ᠥᠷᠭᠡᠨ ᠳᠡᠯᠭᠡᠷ ᠥᠷᠨᠢᠭᠦᠯᠬᠦ᠂ ᠳᠦᠷᠪᠡᠨ ᠤᠯᠠᠷᠢᠯ ᠳᠤ ᠪᠦᠷ ᠮᠥᠰᠥ ᠴᠠᠰᠤᠨ ᠤ ᠬᠥᠳᠡᠯᠭᠡᠭᠡᠨ ᠳᠤ ᠣᠷᠤᠯᠴᠠᠬᠤ᠂ ᠮᠥᠰᠥ ᠴᠠᠰᠤᠨ ᠤ ᠬᠥᠳᠡᠯᠭᠡᠭᠡᠨ ᠤ ᠦᠢᠯᠡᠴᠢᠯᠡᠭᠡ ᠪᠠᠷ ᠠᠷᠠᠳ ᠲᠤ ᠠᠰᠢᠭ ᠬᠦᠷᠲᠡᠭᠡᠬᠦ᠂ ᠮᠥᠰᠥ ᠴᠠᠰᠤᠨ ᠤ ᠤᠷᠤᠯᠳᠤᠭᠠᠨ ᠤ ᠠᠵᠢᠯᠯᠠᠭ᠎ᠠ ᠶᠢᠨ ᠠᠭᠤᠯᠭ᠎ᠠ ᠶᠢ ᠪᠠᠶᠠᠯᠢᠭᠵᠢᠭᠤᠯᠬᠤ ᠵᠡᠷᠭᠡ ᠣᠯᠠᠨ ᠲᠠᠯ᠎ᠠ ᠠᠴᠠ ᠭᠠᠷᠳᠠᠵᠤ᠂ ᠮᠥᠰᠥ ᠴᠠᠰᠤᠨ ᠤ ᠬᠥᠳᠡᠯᠭᠡᠭᠡᠨ ᠢ ᠪᠠᠶᠢᠭᠤᠯᠭ᠎ᠠ᠂ ᠠᠵᠤ ᠠᠬᠤᠶᠢᠯᠠᠯ᠂ ᠴᠡᠷᠢᠭ ᠤᠨ ᠬᠤᠸᠠᠷᠠᠨ᠂ ᠰᠤᠷᠭᠠᠭᠤᠯᠢ᠂ ᠨᠡᠶᠢᠭᠡᠮ ᠲᠣᠭᠤᠷᠢᠭ᠂ ᠬᠥᠳᠡᠭᠡ ᠲᠣᠰᠬᠤᠨ ᠳᠤ ᠬᠦᠷᠭᠡᠬᠦ ᠵᠡᠷᠭᠡ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠨᠡᠶᠢᠭᠡᠮ ᠲᠣᠭᠤᠷᠢᠭ ᠤᠨ ᠮᠥᠰᠥ ᠴᠠᠰᠤᠨ ᠤ ᠪᠡᠶ᠎ᠡ ᠶᠢᠨ ᠲᠠᠮᠢᠷ ᠤᠨ ᠴᠤᠭᠯᠠᠭᠠᠨ᠂ ᠪᠡᠶ᠎ᠡ ᠶᠢᠨ ᠲᠠᠮᠢᠷ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠥᠷᠭᠡᠨ ᠢᠶᠠᠷ ᠵᠣᠬᠢᠶᠠᠨ ᠪᠠᠶᠢᠭᠤᠯᠤᠨ ᠥᠷᠨᠢᠭᠦᠯᠵᠦ᠂ ᠪᠡᠶ᠎ᠡ ᠶᠢᠨ ᠲᠠᠮᠢᠷ ᠤᠨ ᠲᠥᠷᠥ ᠶᠢᠨ ᠪᠣᠳᠣᠯᠭ᠎ᠠ ᠶᠢ ᠤᠬᠠᠭᠤᠯᠬᠤ᠂ ᠪᠡᠶ᠎ᠡ ᠶᠢᠨ ᠲᠠᠮᠢᠷ ᠤᠨ ᠮᠡᠳᠡᠯᠭᠡ ᠶᠢ ᠳᠡᠯᠭᠡᠷᠡᠭᠦᠯᠬᠦ᠂ ᠮᠥᠰᠥ ᠴᠠᠰᠤᠨ ᠤ ᠬᠥᠳᠡᠯᠭᠡᠭᠡᠨ ᠢ ᠪᠡᠶᠡᠴᠢᠯᠡᠨ ᠣᠶᠢᠯᠠᠭᠠᠬᠤ ᠵᠡᠷᠭᠡ ᠠᠵᠢᠯᠯᠠᠭ᠎ᠠ ᠶᠢ ᠭᠦᠨᠵᠡᠭᠡᠢ ᠠᠭᠤᠰᠤᠯᠴᠠᠭᠤᠯᠵᠤ᠂ ᠨᠡᠩ ᠥᠨᠳᠥᠷ ᠲᠦᠪᠰᠢᠨ ᠪᠦᠬᠦᠢ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠵᠤ᠂ ᠪᠦᠭᠦ ᠣᠷᠣᠨ ᠤ ᠮᠥᠰᠥ ᠴᠠᠰᠤᠨ ᠤ ᠬᠥᠳᠡᠯᠭᠡᠭᠡᠨ ᠤ ᠦᠢᠯᠡᠰ ᠢ ᠲᠠᠰᠤᠷᠠᠯᠲᠠ ᠦᠭᠡᠢ ᠬᠥᠭᠵᠢᠭᠦᠯᠵᠦ ᠪᠠᠶᠢᠨ᠎ᠠ᠃
 
ᠢᠷᠡᠯᠲᠡ᠄ ᠲᠤᠮᠲᠠᠲᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号