ᠶᠢᠰᠦᠳᠦᠭᠡᠷ ᠬᠤᠭᠤᠴᠠᠭᠠᠨ ᠤ ᠠᠽᠢᠶ᠎ᠠ ᠲᠢᠪ ᠤᠨ ᠣᠶᠤᠲᠠᠳ ᠤᠨ ᠺᠢᠨᠣ᠋ ᠶᠢᠨ ᠦᠵᠡᠭᠦᠯᠭᠡ ᠬᠢᠩᠭᠠᠨ ᠠᠶᠢᠮᠠᠭ ᠲᠤ ᠶᠠᠪᠤᠭᠳᠠᠯ᠎ᠠ
ᠨᠡᠶᠢᠲᠡᠯᠡᠭᠰᠡᠨ ᠴᠠᠭ᠄
2023/12/1
ᠶᠢᠰᠦᠳᠦᠭᠡᠷ ᠬᠤᠭᠤᠴᠠᠭᠠᠨ ᠤ ᠠᠽᠢᠶ᠎ᠠ ᠲᠢᠪ ᠤᠨ ᠣᠶᠤᠲᠠᠳ ᠤᠨ ᠺᠢᠨᠣ᠋ ᠶᠢᠨ ᠦᠵᠡᠭᠦᠯᠭᠡ ᠬᠢᠩᠭᠠᠨ ᠠᠶᠢᠮᠠᠭ ᠲᠤ ᠶᠠᠪᠤᠭᠳᠠᠯ᠎ᠠᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ ᠣᠶᠢᠷ᠎ᠠ ᠎ ᠳᠤ ᠶᠢᠰᠦᠳᠦᠭᠡᠷ ᠬᠤᠭᠤᠴᠠᠭᠠᠨ ᠤ ᠠᠽᠢᠶ᠎ᠠ ᠲᠢᠪ ᠤᠨ ᠣᠶᠤᠲᠠᠳ ᠤᠨ ᠺᠢᠨᠣ᠋ ᠶᠢᠨ ᠦᠵᠡᠭᠦᠯᠭᠡ ᠬᠢᠩᠭᠠᠨ ᠠᠶᠢᠮᠠᠭ ᠎ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠶᠠᠪᠤᠭᠳᠠᠪᠠ᠃ ᠳᠤᠮᠳᠠᠳᠤ ᠤᠯᠤᠰ ᠤᠨ ᠮᠡᠳᠡᠭᠡ ᠵᠠᠭᠤᠴᠢᠯᠠᠭᠤᠷ ᠤᠨ ᠶᠡᠭᠡ ᠰᠤᠷᠭᠠᠭᠤᠯᠢ ᠠᠴᠠ ᠭᠤᠣᠯᠯᠠᠨ ᠡᠷᠭᠢᠯᠡᠭᠰᠡᠨ ᠶᠢᠰᠦᠳᠦᠭᠡᠷ ᠬᠤᠭᠤᠴᠠᠭᠠᠨ ᠤ ᠠᠽᠢᠶ᠎ᠠ ᠲᠢᠪ ᠤᠨ ᠣᠶᠤᠲᠠᠳ ᠤᠨ ᠺᠢᠨᠣ᠋ ᠶᠢᠨ ᠦᠵᠡᠭᠦᠯᠭᠡ ᠳᠤ ᠠᠽᠢᠶ᠎ᠠ ᠲᠢᠪ ᠤᠨ ᠣᠶᠤᠲᠠᠳ ᠎ ᠤᠨ ᠪᠣᠭᠤᠨᠢ ᠺᠢᠨᠣ᠋ ᠶᠢᠨ ᠦᠵᠡᠭᠦᠯᠭᠡ ᠬᠢᠭᠡᠳ ᠶᠠᠷᠢᠯᠴᠠᠭ᠎ᠠ ᠰᠣᠯᠢᠯᠴᠠᠭ᠎ᠠ᠂ ᠠᠽᠢᠶ᠎ᠠ ᠲᠢᠪ ᠤᠨ ᠺᠢᠨᠣ᠋ ᠲᠧᠯᠸᠢᠰ ᠬᠢᠭᠡᠳ ᠰᠣᠶᠣᠯ ᠤᠨ ᠣᠯᠠᠨ ᠤᠯᠤᠰ ᠤᠨ ᠶᠠᠷᠢᠶᠠᠨ ᠤ ᠲᠠᠪᠴᠠᠩ᠂ ᠠᠯᠳᠠᠷᠲᠤ ᠺᠢᠨᠣ᠋ ᠤᠷᠠᠯᠢᠭᠴᠢᠨ ᠤ ᠪᠦᠲᠦᠭᠡᠯ ᠤᠨ ᠦᠵᠡᠭᠦᠯᠭᠡ ᠬᠢᠭᠡᠳ ᠢᠯᠡᠳᠬᠡᠯ᠂ ᠵᠠᠯᠠᠭᠤ ᠺᠢᠨᠣ᠋ ᠤᠷᠠᠨ ᠪᠦᠲᠦᠭᠡᠯᠴᠢ ᠶᠢᠨ ᠪᠣᠯᠪᠠᠰᠤᠷᠠᠯ ᠪᠣᠯᠣᠨ ᠲᠡᠭᠦᠰᠬᠦ ᠶᠣᠰᠣᠯᠠᠯ ᠵᠡᠷᠭᠡ ᠠᠭᠤᠯᠭ᠎ᠠ ᠪᠠᠷ ᠶᠠᠪᠤᠭᠳᠠᠵᠠᠢ᠃ ︽ᠠᠽᠢᠶ᠎ᠠ ᠲᠢᠪ ᠤᠨ ᠺᠢᠨᠣ᠋ ᠲᠧᠯᠸᠢᠰ ᠬᠢᠭᠡᠳ ᠰᠣᠶᠣᠯ ᠤᠨ ᠣᠯᠠᠨ ᠤᠯᠤᠰ ᠎ ᠤᠨ ᠶᠠᠷᠢᠶᠠᠨ ᠤ ᠲᠠᠪᠴᠠᠩ︾᠎ ᠳᠤ ᠳᠤᠮᠳᠠᠳᠤ ᠤᠯᠤᠰ᠂ ᠺᠤᠷᠢᠶᠠ᠂ ᠶᠠᠫᠤᠨ᠂ ᠮᠣᠩᠭᠤᠯ ᠤᠯᠤᠰ ᠤᠨ 20 ᠭᠠᠷᠤᠢ ᠡᠷᠳᠡᠮᠲᠡᠨ᠂ ᠲᠤᠰᠬᠠᠢ ᠮᠡᠷᠭᠡᠵᠢᠯᠲᠡᠨ ᠣᠷᠣᠯᠴᠠᠵᠤ ᠠᠭᠤᠯᠭ᠎ᠠ ᠶᠢᠨ ᠵᠣᠬᠢᠶᠠᠨ ᠪᠦᠲᠦᠭᠡᠯᠭᠡ᠂ ᠵᠣᠬᠢᠶᠠᠨ ᠪᠦᠲᠦᠭᠡᠬᠦ ᠬᠠᠨᠳᠤᠰᠢ ᠪᠠ ᠭᠤᠸ᠎ᠠ ᠲᠠᠭᠠᠰᠢᠶᠠᠯ ᠳᠤᠷ᠎ᠠ ᠰᠣᠨᠢᠷᠬᠠᠯ ᠢ ᠰᠤᠳᠤᠯᠤᠨ ᠶᠠᠷᠢᠯᠴᠠᠵᠤ᠂ ᠠᠽᠢᠶ᠎ᠠ ᠲᠢᠪ ᠤᠨ ᠺᠢᠨᠣ᠋ ᠲᠧᠯᠸᠢᠰ ᠤᠨ ᠭᠠᠵᠠᠷ ᠣᠷᠣᠨ ᠤ ᠰᠣᠶᠣᠯ᠂ ᠲᠡᠦᠬᠡ ᠪᠠ ᠪᠣᠯᠪᠠᠰᠤᠨ ᠢ ᠰᠤᠳᠤᠯᠵᠤ᠂ ᠣᠯᠠᠨ ᠤᠯᠤᠰ ᠤᠨ ᠺᠢᠨᠣ᠋ ᠲᠧᠯᠸᠢᠰ ᠤᠨ ᠰᠤᠷᠭᠠᠨ ᠬᠥᠮᠦᠵᠢᠯ ᠤᠨ ᠴᠢᠳᠠᠪᠤᠷᠢᠲᠠᠨ ᠢ ᠬᠥᠮᠥᠵᠢᠭᠦᠯᠬᠦ᠂ ᠦᠢᠯᠡᠳᠦᠯᠭᠡ ᠶᠢᠨ ᠰᠢᠰᠲ᠋ᠧᠮ ᠤᠨ ᠲᠤᠬᠠᠢ ᠰᠠᠨᠠᠯ ᠢᠶᠠᠨ ᠰᠣᠯᠢᠯᠴᠠᠭᠰᠠᠨ ᠪᠠᠶᠢᠨ᠎ᠠ᠃ ᠣᠶᠢᠷ᠎ᠠ ᠶᠢᠨ ᠵᠢᠯ ᠳᠤ ᠠᠽᠢᠶ᠎ᠠ ᠲᠢᠪ ᠤᠨ ᠺᠢᠨᠣ᠋ ᠥᠪᠡᠷᠮᠢᠴᠡ ᠤᠷᠠᠯᠢᠭ ᠤᠨ ᠬᠡᠪ ᠨᠠᠮᠪᠠ᠂ ᠡᠭᠦᠳᠦᠯᠲᠡ ᠶᠢᠨ ᠮᠠᠶ᠋ᠢᠭ ᠎ ᠤᠨ ᠰᠡᠭᠦᠳᠡᠷᠯᠡᠨ ᠦᠢᠯᠡᠳᠬᠦ᠂ ᠰᠢᠯᠢᠳᠡᠭ ᠲᠣᠭᠯᠠᠭᠴᠢ ᠪᠠ ᠭᠤᠴᠣ ᠰᠠᠶᠢᠬᠠᠨ ᠲᠣᠬᠯᠠᠯᠲᠠ ᠶᠢᠨ ᠮᠡᠷᠭᠡᠵᠢᠯ ᠢᠶᠠᠷ ᠎ ᠢᠶᠠᠨ ᠪᠦᠭᠦ ᠳᠡᠯᠡᠬᠡᠢ ᠶᠢᠨ ᠦᠵᠡᠭᠴᠢᠳ ᠤᠨ ᠠᠩᠬᠠᠷᠤᠯ ᠢ ᠲᠠᠲᠠᠵᠤ᠂ ᠣᠯᠠᠨ ᠤᠯᠤᠰ ᠤᠨ ᠺᠢᠨᠣ᠋ ᠶᠢᠨ ᠲᠠᠪᠴᠠᠩ ᠳᠤ ᠴᠢᠬᠤᠯᠠ ᠪᠠᠶᠢᠷᠢ ᠰᠠᠭᠤᠷᠢ ᠶᠢ ᠡᠵᠡᠯᠡᠵᠡᠢ᠃ ᠲᠣᠰ ᠬᠤᠭᠤᠴᠠᠭᠠᠨ ᠤ ᠶᠠᠷᠢᠶᠠᠨ ᠤ ᠲᠠᠪᠴᠠᠩ ᠨᠢ ᠰᠢᠨ᠎ᠡ ᠭᠤᠸ᠎ᠠ ᠰᠠᠶᠢᠬᠠᠨ᠂ ᠰᠢᠨ᠎ᠡ ᠬᠠᠷᠠᠭᠠᠰᠤ᠂ ᠰᠢᠨ᠎ᠡ ᠠᠷᠭ᠎ᠠ ᠵᠠᠮ ᠢ ᠬᠠᠮᠲᠤ ᠪᠠᠷ ᠰᠦᠪᠡᠭᠴᠢᠯᠡᠵᠦ᠂ ᠠᠽᠢᠶ᠎ᠠ ᠲᠢᠪ ᠤᠨ ᠺᠢᠨᠣ᠋ ᠲᠧᠯᠸᠢᠰ ᠤᠨ ᠬᠥᠭᠵᠢᠯᠲᠡ ᠳᠤ ᠮᠠᠰᠢ ᠴᠢᠬᠤᠯᠠ ᠦᠢᠯᠡᠳᠦᠯ ᠦᠵᠡᠭᠦᠯᠭᠦ ᠪᠣᠯᠣᠨ᠎ᠠ ᠭᠡᠵᠦ ᠬᠤᠷᠠᠯ ᠳᠤ ᠤᠷᠤᠯᠴᠠᠬᠰᠠᠨ ᠡᠷᠳᠡᠮᠲᠡᠨ ᠮᠡᠷᠭᠡᠵᠢᠯᠲᠡᠳ ᠰᠠᠨᠠᠯ ᠨᠢᠭᠡᠲᠡᠢ ᠦᠵᠡᠵᠡᠭᠡᠵᠡᠢ᠃
 
ᠢᠷᠡᠯᠲᠡ᠄ ᠲᠤᠮᠲᠠᠲᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号