2023 ᠣᠨ ᠤ ᠥᠪᠡᠷᠲᠡᠭᠡᠨ ᠵᠠᠰᠠᠬᠤ ᠣᠷᠣᠨ ᠤ ᠨᠡᠶᠢᠭᠡᠮ ᠲᠣᠭᠤᠷᠢᠭ ᠤᠨ ᠪᠡᠶ᠎ᠡ ᠶᠢᠨ ᠲᠠᠮᠢᠷ ᠤᠨ ᠴᠤᠭᠯᠠᠭᠠᠨ ᠡᠬᠢᠯᠡᠪᠡ
ᠨᠡᠶᠢᠲᠡᠯᠡᠭᠰᠡᠨ ᠴᠠᠭ᠄
2023/12/1
2023 ᠣᠨ ᠤ ᠥᠪᠡᠷᠲᠡᠭᠡᠨ ᠵᠠᠰᠠᠬᠤ ᠣᠷᠣᠨ ᠤ ᠨᠡᠶᠢᠭᠡᠮ ᠲᠣᠭᠤᠷᠢᠭ ᠤᠨ ᠪᠡᠶ᠎ᠡ ᠶᠢᠨ ᠲᠠᠮᠢᠷ ᠤᠨ ᠴᠤᠭᠯᠠᠭᠠᠨ ᠡᠬᠢᠯᠡᠪᠡ11 ᠰᠠᠷ᠎ᠠ ᠶᠢᠨ 4᠎ ᠤ ᠡᠳᠦᠷ᠂ 2023 ᠣᠨ ᠤ ᠥᠪᠡᠷᠲᠡᠭᠡᠨ ᠵᠠᠰᠠᠬᠤ ᠣᠷᠣᠨ ᠤ ᠨᠡᠶᠢᠭᠡᠮ ᠲᠣᠭᠤᠷᠢᠭ ᠤᠨ ᠪᠡᠶ᠎ᠡ ᠶᠢᠨ ᠲᠠᠮᠢᠷ ᠤᠨ ᠴᠤᠭᠯᠠᠭᠠᠨ ᠭᠦᠭᠡᠬᠤᠲᠠ ᠶᠢᠨ ᠪᠢᠨ ᠾᠧ ᠪᠡᠶ᠎ᠡ ᠶᠢᠨ ᠲᠠᠮᠢᠷ ᠤᠨ ᠴᠡᠴᠡᠷᠯᠢᠭ ᠲᠤ ᠡᠬᠢᠯᠡᠵᠦ᠂ 52 ᠨᠡᠶᠢᠭᠡᠮ ᠲᠣᠭᠤᠷᠢᠭ ᠤᠨ ᠪᠡᠶ᠎ᠡ ᠴᠢᠭᠢᠷᠠᠭᠵᠢᠭᠤᠯᠬᠤ ᠠᠩᠭᠢ ᠵᠢᠴᠢ ᠪᠡᠶ᠎ᠡ ᠴᠢᠭᠢᠷᠠᠭᠵᠢᠭᠤᠯᠬᠤ ᠪᠠᠭ᠋ᠠᠲᠠᠳ 1000 ᠭᠠᠷᠤᠢ ᠬᠥᠮᠥᠨ ᠡᠯ᠎ᠡ ᠵᠦᠢᠯ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠳᠤ ᠣᠷᠣᠯᠴᠠᠵᠤ᠂ ᠲᠤᠬᠠᠢ ᠶᠢᠨ ᠲᠠᠯᠠᠪᠠᠶ ᠳᠤ ᠪᠠᠰᠠ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠢ ᠤᠭᠲᠤᠬᠤ ᠰᠣᠨᠢᠷᠬᠠᠯᠳᠤ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠥᠷᠨᠢᠭᠦᠯᠪᠡ᠃ ᠲᠣᠰ ᠬᠤᠭᠤᠴᠠᠭᠠᠨ ᠤ ᠨᠡᠶᠢᠭᠡᠮ ᠲᠣᠭᠤᠷᠢᠭ ᠤᠨ ᠪᠡᠶ᠎ᠡ ᠶᠢᠨ ᠲᠠᠮᠢᠷ ᠤᠨ ᠴᠤᠭᠯᠠᠭᠠᠨ ᠨᠢ ︽ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠵᠤ ᠪᠡᠶ᠎ᠡ ᠶᠢᠨ ᠲᠠᠮᠢᠷ ᠤᠨ ᠬᠥᠳᠡᠯᠭᠡᠭᠡᠨ ᠢᠶᠠᠷ ᠡᠷᠡᠭᠦᠯ ᠮᠡᠨᠳᠦ ᠶᠢ ᠠᠬᠢᠭᠤᠯᠬᠤ︾ ᠎ ᠪᠠᠷ ᠭᠤᠣᠯ ᠰᠡᠳᠦᠪ ᠪᠤᠯᠭᠠᠵᠤ᠂ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠦᠵᠡᠭᠦᠯᠭᠡ ᠶᠢᠨ ᠲᠣᠬᠯᠠᠯᠲᠠ᠂ ᠪᠡᠶ᠎ᠡ ᠴᠢᠭᠢᠷᠠᠭᠵᠢᠭᠤᠯᠬᠤ ᠰᠣᠨᠢᠷᠬᠠᠯᠳᠤ ᠠᠵᠢᠯᠯᠠᠭ᠎ᠠ᠂ ᠪᠡᠶ᠎ᠡ ᠴᠢᠭᠢᠷᠠᠭᠵᠢᠭᠤᠯᠬᠤ ᠵᠢᠯᠣᠭᠤᠳᠤᠯᠭ᠎ᠠ᠂ ᠠᠷᠪᠠᠨ ᠳᠥᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠰᠣᠶᠣᠯ ᠤᠨ ᠦᠵᠡᠭᠦᠯᠭᠡ ᠵᠡᠷᠭᠡ ᠠᠵᠢᠯᠯᠠᠭ᠎ᠠ ᠶᠢ ᠲᠣᠬᠢᠷᠠᠭᠤᠯᠪᠠ᠃ ᠡᠭᠦᠨ ᠳᠤ ᠬᠠᠭᠤᠷᠠᠢ ᠭᠠᠵᠠᠷ ᠤᠨ ᠮᠥᠰᠥᠨ ᠳᠡᠪᠦᠷ᠎ᠡ᠂ ᠮᠥᠰᠥᠨ ᠪᠥᠮᠪᠦᠭᠡ ᠵᠡᠷᠭᠡ ᠲᠥᠷᠥᠯ ᠵᠦᠢᠯ ᠨᠢ ᠬᠦᠷᠦᠯᠴᠡᠨ ᠢᠷᠡᠭᠰᠡᠨ ᠤᠯᠠᠨ ᠲᠦᠮᠡᠨ ᠤ ᠪᠠᠭ᠋ᠠᠷᠬᠠᠯ ᠳᠤ ᠭᠦᠷᠦᠭᠰᠡᠨ ᠪᠠᠶᠢᠨ᠎ᠠ᠃
 
ᠢᠷᠡᠯᠲᠡ᠄ ᠲᠤᠮᠲᠠᠲᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号