ᠠᠭᠤᠳᠠᠮ ᠲᠠᠯᠠᠪᠠᠶ ᠶᠢᠨ ᠪᠥᠵᠢᠭ ︽ᠪᠠᠶᠠᠰᠤᠯᠳᠤ ᠣᠷᠳᠣᠰ︾ ᠪᠦᠭᠦ ᠤᠯᠤᠰ ᠤᠨ ᠦᠵᠡᠭᠦᠯᠭᠡ ᠶᠢᠨ ᠲᠤᠬᠯᠠᠯᠳᠠ ᠳᠤ ᠰᠣᠩᠭᠤᠭᠳᠠᠪᠠ
ᠨᠡᠶᠢᠲᠡᠯᠡᠭᠰᠡᠨ ᠴᠠᠭ᠄
2023/12/1
ᠠᠭᠤᠳᠠᠮ ᠲᠠᠯᠠᠪᠠᠶ ᠶᠢᠨ ᠪᠥᠵᠢᠭ ︽ᠪᠠᠶᠠᠰᠤᠯᠳᠤ ᠣᠷᠳᠣᠰ︾ ᠪᠦᠭᠦ ᠤᠯᠤᠰ ᠤᠨ ᠦᠵᠡᠭᠦᠯᠭᠡ ᠶᠢᠨ ᠲᠤᠬᠯᠠᠯᠳᠠ ᠎ ᠳᠤ ᠰᠣᠩᠭᠤᠭᠳᠠᠪᠠᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ ᠣᠷᠳᠣᠰ ᠬᠤᠲᠠ ᠶᠢᠨ ᠰᠣᠶᠣᠯ ᠤᠨ ᠣᠷᠳᠣᠨ ᠠᠴᠠ ᠳᠡᠪᠰᠢᠭᠦᠯᠦᠭᠰᠡᠨ ᠠᠭᠤᠳᠠᠮ ᠲᠠᠯᠠᠪᠠᠶ ᠶᠢᠨ ᠪᠥᠵᠢᠭ ︽ᠪᠠᠶᠠᠰᠤᠯᠳᠤ ᠣᠷᠳᠣᠰ︾ 10 ᠰᠠᠷ᠎ᠠ ᠶᠢᠨ 28᠎ ᠠᠴᠠ 30᠎ ᠤ ᠡᠳᠦᠷ ᠪᠤᠯᠳᠠᠯ᠎ᠠ ᠭᠦᠢᠵᠧᠦ ᠮᠤᠵᠢ ᠶᠢᠨ ᠭᠦᠢᠶᠠᠩ ᠬᠤᠲᠠ ᠳᠤ ᠶᠠᠪᠤᠭᠳᠠᠭᠰᠠᠨ 2023 ᠣᠨ ᠤ ᠪᠦᠭᠦ ᠤᠯᠤᠰ ᠤᠨ ᠠᠭᠤᠳᠠᠮ ᠲᠠᠯᠠᠪᠠᠶ ᠶᠢᠨ ᠪᠥᠵᠢᠭ ᠤᠨ ᠦᠷ᠎ᠡ ᠪᠦᠲᠦᠭᠡᠯ ᠤᠨ ᠦᠵᠡᠭᠦᠯᠭᠡ ᠶᠢᠨ ᠴᠤᠭᠯᠠᠭᠠᠨ ᠳᠤ ᠰᠣᠩᠭᠤᠭᠳᠠᠵᠤ᠂ ᠮᠠᠨ ᠤ ᠣᠷᠣᠨ ᠠᠴᠠ ᠰᠣᠩᠭᠤᠭᠳᠠᠭᠰᠠᠨ ᠴᠤᠷ ᠤᠨ ᠭᠠᠭᠴᠠ ᠲᠤᠬᠯᠠᠯᠳᠠ ᠪᠣᠯᠣᠨ᠎ᠠ᠃ ᠠᠭᠤᠳᠠᠮ ᠲᠠᠯᠠᠪᠠᠶ ᠶᠢᠨ ᠪᠥᠵᠢᠭ ︽ᠪᠠᠶᠠᠰᠤᠯᠳᠤ ᠣᠷᠳᠣᠰ︾ ᠎ ᠢ ᠴᠣ ᠰᠢᠨ᠎ᠡ ᠨᠠᠶᠢᠷᠠᠭᠤᠯᠤᠨ ᠵᠣᠬᠢᠶᠠᠬᠤ ᠣᠶᠢᠯᠠᠭᠠᠭᠳᠠᠬᠤᠨ ᠪᠠ ᠬᠠᠷᠠᠭᠠᠰᠤ ᠠᠴᠠ ᠵᠣᠬᠢᠶᠠᠮᠵᠢᠯᠠᠨ ᠮᠣᠩᠭᠤᠯ ᠪᠥᠵᠢᠭ ᠤᠨ ᠮᠥᠷᠥ᠂ ᠴᠠᠷᠪᠠᠭᠤ᠂ ᠪᠠᠭᠤᠤ ᠶᠢᠨ ᠬᠥᠳᠡᠯᠭᠡᠭᠡᠨ ᠢ ᠤᠷᠠᠨ ᠢᠶᠠᠷ ᠠᠭᠤᠰᠤᠯᠴᠠᠭᠤᠯᠵᠤ᠂ ᠰᠢᠨ᠎ᠡ ᠶᠢ ᠡᠭᠦᠳᠦᠭᠰᠡᠨ ᠮᠥᠷᠲᠡᠭᠡᠨ ᠤᠮᠠᠷᠠᠲᠤ ᠬᠢᠯᠢ ᠶᠢᠨ ᠰᠣᠶᠣᠯ ᠤᠨ ᠠᠭᠤᠯᠤᠭᠳᠠᠬᠤᠨ ᠢ ᠪᠦᠳᠦᠮᠵᠢᠳᠠᠢ ᠢᠯᠡᠷᠡᠭᠦᠯᠪᠡ᠃ ᠪᠥᠵᠢᠭ ᠤᠨ ᠠᠶ᠎ᠠ ᠶᠢ ᠤᠯᠤᠰ ᠤᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ᠪᠤᠯᠬᠤ ᠣᠷᠳᠣᠰ ᠤᠨ ᠪᠣᠭᠤᠨᠢ ᠠᠷᠠᠳ ᠤᠨ ᠳᠠᠭᠤᠤ ᠎ ᠠᠴᠠ ᠰᠣᠩᠭᠤᠵᠤ᠂ ︽ᠠᠷᠢᠬᠢᠨ ᠳᠠᠭᠤᠤ︾ ᠪᠣᠯᠣᠨ ︽ᠳᠤᠭᠤᠢ ᠮᠠᠯᠠᠭᠠᠢ︾᠎ ᠠᠴᠠ ᠬᠡᠰᠡᠭᠯᠡᠨ ᠨᠠᠶᠢᠷᠠᠭᠤᠯᠤᠭᠰᠠᠨ ᠢᠷᠠᠭᠤ ᠰᠠᠶᠢᠬᠠᠨ ᠠᠶᠢᠵᠠᠮ ᠠᠶᠠᠰ ᠨᠢ ᠪᠥᠵᠢᠭ ᠤᠨ ᠤᠷᠠᠨ ᠨᠠᠬᠢᠯᠤᠯ ᠲᠠᠢ ᠡᠭᠡᠰᠢᠭ ᠨᠡᠶᠢᠯᠡᠵᠦ᠂ ᠢᠯᠠᠩᠭᠤᠶ᠎ᠠ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠪᠤᠯᠬᠤ ᠣᠷᠳᠣᠰ ᠤᠨ ᠤᠯᠠᠮᠵᠢᠯᠠᠯᠲᠤ ᠦᠨᠳᠦᠰᠦᠲᠡᠨ ᠤ ᠬᠤᠪᠴᠠᠰᠤ ᠵᠠᠰᠠᠯ ᠨᠢ ᠥᠩᠭᠡ ᠢᠯᠭᠠᠷᠠᠭᠠᠳ᠂ ᠭᠠᠵᠠᠷ ᠣᠷᠣᠨ ᠤ ᠣᠨᠴᠠᠯᠢᠭ ᠢ ᠢᠯᠡᠳᠲᠡ ᠬᠠᠷᠠᠭᠤᠯᠤᠭᠰᠠᠨ ᠪᠠᠶᠢᠨ᠎ᠠ᠃ ︽ᠪᠠᠶᠠᠰᠤᠯᠳᠤ ᠣᠷᠳᠣᠰ︾᠎ ᠤᠨ ᠠᠶᠢᠵᠠᠮ ᠰᠡᠳᠬᠢᠯ ᠬᠥᠭᠰᠡᠭᠦᠯᠵᠦ᠂ ᠣᠷᠳᠣᠰ ᠤᠨ ᠠᠷᠠᠳ ᠲᠦᠮᠡᠨ ᠤ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠤᠨ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢ ᠪᠦᠲᠦᠭᠡᠨ ᠪᠠᠶᠢᠭᠤᠯᠬᠤ ᠪᠠᠷ ᠮᠡᠷᠡᠶᠢᠨ ᠴᠢᠷᠮᠠᠶᠢᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠰᠠᠶᠢᠨ ᠰᠠᠶᠢᠬᠠᠨ ᠠᠮᠢᠳᠤᠷᠠᠯ ᠢᠶᠠᠨ ᠴᠣᠭᠴᠠᠯᠠᠬᠤ ᠪᠠᠷ ᠲᠡᠮᠡᠦᠯᠦᠨ ᠤᠷᠤᠭᠰᠢᠯᠠᠵᠤ ᠪᠠᠶᠢᠭ᠎ᠠ ᠡᠷᠴᠢ ᠵᠣᠷᠢᠭ ᠲᠠᠢ ᠥᠭᠡᠳᠡᠷᠬᠡᠭ ᠪᠠᠶᠢᠳᠠᠯ ᠢ ᠲᠤᠰᠬᠠᠪᠠ᠃
 
ᠢᠷᠡᠯᠲᠡ᠄ ᠲᠤᠮᠲᠠᠲᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号