︽ᠲᠠᠶᠢᠺᠢᠨᠳᠤᠤ ᠶᠢᠨ ᠰᠣᠳᠣᠴᠤᠤᠯ︾᠎ ᠤᠨ ᠪᠣᠯᠪᠠᠰᠤᠷᠠᠯ ᠶᠠᠪᠤᠭᠳᠠᠵᠠᠢ
ᠨᠡᠶᠢᠲᠡᠯᠡᠭᠰᠡᠨ ᠴᠠᠭ᠄
2023/12/1
︽ᠲᠠᠶᠢᠺᠢᠨᠳᠤᠤ ᠶᠢᠨ ᠰᠣᠳᠣᠴᠤᠤᠯ︾᠎ ᠤᠨ ᠪᠣᠯᠪᠠᠰᠤᠷᠠᠯ ᠶᠠᠪᠤᠭᠳᠠᠵᠠᠢᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠣᠶᠢᠷ᠎ᠠ ᠳᠤ 2023 ᠣᠨ ᠤ ᠦᠬᠠᠢ ᠬᠤᠲᠠ ᠶᠢᠨ ᠠᠩᠬᠠᠳᠤᠭᠠᠷ ᠬᠤᠭᠤᠴᠠᠭᠠᠨ ᠤ ︽ᠲᠠᠶᠢᠺᠢᠨᠳᠤᠤ ᠶᠢᠨ ᠰᠣᠳᠣᠴᠤᠤᠯ︾ ᠎ ᠤᠨ ᠪᠣᠯᠪᠠᠰᠤᠷᠠᠯ ᠤᠨ ᠠᠵᠢᠯᠯᠠᠭ᠎ᠠ 2 ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ ᠦᠬᠠᠢ ᠬᠤᠳᠠ ᠶᠢᠨ ᠡᠯ᠎ᠡ ᠪᠡᠯᠡᠳᠬᠡᠯ ᠴᠢᠳᠠᠪᠤᠷᠢᠲᠠᠨ ᠤ ᠰᠠᠭᠤᠷᠢᠨ ᠤ ᠨᠡᠶᠢᠲᠡ 200 ᠰᠢᠬᠠᠮ ᠰᠤᠷᠤᠯᠭᠠᠲᠠᠨ ᠠᠵᠢᠯᠯᠠᠭ᠎ᠠ ᠳᠤ ᠣᠷᠣᠯᠴᠠᠪᠠ᠃ ᠠᠵᠢᠯᠯᠠᠭ᠎ᠠ ᠳᠤ ᠲᠠᠶᠢᠺᠢᠨᠳᠤᠤ ᠶᠢᠨ ᠣᠨᠴᠠ ᠮᠡᠷᠭᠡᠵᠢᠯ ᠤᠨ ᠦᠵᠡᠭᠦᠯᠭᠡ ᠶᠢᠨ ᠲᠣᠬᠯᠠᠯᠲᠠ᠂ ᠰᠠᠭᠤᠷᠢ ᠵᠢᠭᠠᠨ ᠰᠤᠷᠭᠠᠯᠲᠠ ᠪᠠ ᠰᠢᠭᠰᠢᠭᠡ ᠤᠷᠤᠯᠳᠤᠭᠠᠨ ᠵᠡᠷᠭᠡ ᠠᠭᠤᠯᠭ᠎ᠠ ᠶᠢ ᠲᠣᠬᠢᠷᠠᠭᠤᠯᠪᠠ᠃ ᠠᠵᠢᠯᠯᠠᠭ᠎ᠠ ᠳᠤ᠂ ᠲᠠᠶᠢᠺᠢᠨᠳᠤᠤ ᠶᠢᠨ ᠬᠥᠭᠵᠢᠭᠦᠯᠦᠯᠲᠡ ᠶᠢᠨ ᠬᠠᠷᠠᠯᠲᠠ ᠪᠠ ᠲᠥᠯᠦᠪᠵᠢᠭᠦᠯᠭᠡ᠂ ᠪᠡᠶ᠎ᠡ ᠶᠢᠨ ᠲᠠᠮᠢᠷ ᠰᠤᠷᠭᠠᠨ ᠬᠥᠮᠦᠵᠢᠯ ᠢ ᠠᠭᠤᠰᠤᠯᠴᠠᠭᠤᠯᠬᠤ ᠳᠤᠮᠳᠠᠬᠢ ᠲᠠᠶᠢᠺᠢᠨᠳᠤᠤ ᠶᠢᠨ ᠬᠥᠭᠵᠢᠭᠦᠯᠦᠯᠲᠡ ᠶᠢᠨ ᠪᠠᠶᠢᠯᠳᠤᠬᠤ ᠪᠣᠳᠣᠯᠭ᠎ᠠ᠂ ᠲᠠᠶᠢᠺᠢᠨᠳᠤᠤ ᠶᠢᠨ ᠲᠥᠷᠥᠯ ᠵᠦᠢᠯ ᠤᠨ ᠤᠷᠤᠯᠳᠤᠭᠠᠨ ᠤ ᠬᠠᠮᠤᠭ ᠤᠨ ᠰᠢᠨ᠎ᠡ ᠲᠠᠰ ᠬᠤᠪᠢᠶᠠᠬᠤ ᠳᠦᠷᠢᠮ ᠵᠢᠴᠢ ᠡᠯᠧᠺᠲᠷᠣᠨ ᠬᠠᠮᠠᠭᠠᠯᠠᠯᠲᠠ ᠶᠢᠨ ᠪᠠᠭᠠᠵᠢ ᠶᠢ ᠬᠡᠷᠡᠭᠯᠡᠬᠦ ᠠᠷᠭ᠎ᠠ ᠪᠠ ᠤᠷ᠎ᠠ ᠮᠡᠷᠭᠡᠵᠢᠯ ᠵᠡᠷᠭᠡ ᠠᠭᠤᠯᠭ᠎ᠠ ᠶᠢ ᠰᠤᠷᠤᠬᠴᠢᠳ ᠲᠤ ᠲᠠᠶᠢᠯᠪᠤᠷᠢᠯᠠᠨ ᠣᠶᠢᠯᠠᠭᠠᠭᠤᠯᠵᠤ᠂ ᠪᠠᠰᠠ ᠦᠢᠯᠡ ᠬᠥᠳᠡᠯᠦᠯ ᠤᠨ ᠭᠤᠣᠯᠳᠠᠯᠭ᠎ᠠ ᠪᠠ ᠬᠦᠴᠢᠷ ᠠᠰᠠᠭᠤᠳᠠᠯ ᠢ ᠵᠢᠱᠢᠶ᠎ᠡ ᠦᠵᠡᠭᠦᠯᠦᠨ ᠵᠠᠳᠠᠯᠵᠤ᠂ ᠲᠤᠰᠬᠠᠢ ᠪᠡᠶ᠎ᠡ ᠶᠢᠨ ᠲᠠᠮᠢᠷ ᠤᠨ ᠪᠣᠯᠪᠠᠰᠤᠷᠠᠯ ᠪᠠ ᠠᠩᠬ᠎ᠠ ᠵᠡᠷᠭᠡ ᠶᠢᠨ ᠮᠡᠷᠭᠡᠵᠢᠯ ᠤᠨ ᠪᠣᠯᠪᠠᠰᠤᠷᠠᠯ ᠢ ᠪᠦᠭᠦ ᠲᠠᠯ᠎ᠠ ᠪᠠᠷ᠂ ᠰᠢᠰᠲ᠋ᠧᠮ ᠲᠠᠢ᠂ ᠰᠢᠨᠵᠢᠯᠡᠬᠦ ᠤᠬᠠᠭᠠᠨᠴᠢ ᠪᠠᠷ ᠲᠠᠶᠢᠯᠪᠤᠷᠢᠯᠠᠪᠠ᠃ ᠲᠣᠰ ᠤᠳᠠᠭᠠᠨ ᠤ ᠠᠵᠢᠯᠯᠠᠭ᠎ᠠ ᠨᠢ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠬᠥᠭᠵᠢᠯᠲᠡ ᠶᠢ ᠠᠬᠢᠭᠤᠯᠵᠤ᠂ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠤᠨ ᠪᠠᠶᠢᠭᠤᠯᠤᠯᠲᠠ ᠳᠤ ᠬᠦᠴᠦᠨ ᠨᠡᠮᠡᠷᠢᠯᠡᠵᠦ᠂ ᠦᠬᠠᠢ ᠬᠤᠲᠠ ᠶᠢᠨ ᠲᠠᠶᠢᠺᠢᠨᠳᠤᠤ ᠶᠢᠨ ᠲᠥᠷᠥᠯ ᠵᠦᠢᠯ ᠤᠨ ᠰᠢᠨᠵᠢᠯᠡᠬᠦ ᠤᠬᠠᠭᠠᠨᠴᠢᠯᠠᠭᠰᠠᠨ ᠪᠣᠯᠪᠠᠰᠤᠷᠠᠯ ᠤᠨ ᠬᠢᠷᠢ ᠲᠦᠪᠰᠢᠨ ᠪᠠ ᠬᠥᠳᠡᠯᠭᠡᠭᠡᠨ ᠤ ᠬᠢᠷᠢ ᠪᠦᠲᠦᠮᠵᠢ ᠶᠢ ᠬᠦᠴᠦᠯᠡᠨ ᠳᠡᠭᠡᠭᠰᠢᠯᠡᠭᠦᠯᠵᠦ᠂ ᠦᠬᠠᠢ ᠬᠤᠲᠠ ᠶᠢᠨ ᠲᠠᠶᠢᠺᠢᠨᠳᠤᠤ ᠶᠢᠨ ᠲᠤᠰᠬᠠᠢ ᠮᠡᠷᠭᠡᠵᠢᠯ ᠤᠨ ᠡᠩᠨᠡᠭᠡ ᠶᠢᠨ ᠪᠠᠶᠢᠭᠤᠯᠤᠯᠲᠠ ᠪᠠ ᠴᠢᠳᠠᠪᠤᠷᠢᠲᠠᠨ ᠤ ᠨᠥᠭᠡᠴᠡ ᠶᠢ ᠤᠯᠠᠮ ᠴᠢᠨᠠᠭᠰᠢᠳᠠ ᠴᠢᠩᠭᠠᠳᠬᠠᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠪᠠᠷ ᠵᠠᠯᠠᠭᠤᠴᠤᠳ ᠪᠠᠭᠠᠴᠤᠳ ᠤᠨ ᠪᠣᠯᠪᠠᠰᠤᠷᠠᠯ ᠤᠨ ᠰᠠᠭᠤᠷᠢᠨ ᠢ ᠪᠠᠶᠢᠭᠤᠯᠵᠤ᠂ ᠪᠡᠯᠡᠳᠬᠡᠯ ᠴᠢᠳᠠᠪᠤᠷᠢᠲᠠᠨ ᠤ ᠰᠢᠰᠲ᠋ᠧᠮ ᠢ ᠦᠷᠭᠦᠯᠵᠢᠯᠡᠨ ᠲᠡᠭᠦᠯᠳᠡᠷᠵᠢᠭᠦᠯᠬᠦ ᠶᠢ ᠵᠣᠷᠢᠵᠠᠢ᠃
 
ᠢᠷᠡᠯᠲᠡ᠄ ᠲᠤᠮᠲᠠᠲᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号