ᠭᠦᠭᠡᠬᠤᠲᠠ ᠶᠢᠨ ᠨᠡᠶᠢᠭᠡᠮ ᠲᠣᠭᠤᠷᠢᠭ ᠤᠨ ᠠᠭᠤᠳᠠᠮ ᠲᠠᠯᠠᠪᠠᠶ ᠶᠢᠨ ᠪᠥᠵᠢᠭ ᠤᠨ ᠦᠵᠡᠭᠦᠯᠭᠡ ᠶᠠᠪᠤᠭᠳᠠᠵᠠᠢ
ᠨᠡᠶᠢᠲᠡᠯᠡᠭᠰᠡᠨ ᠴᠠᠭ᠄
2023/12/1
ᠭᠦᠭᠡᠬᠤᠲᠠ ᠶᠢᠨ ᠨᠡᠶᠢᠭᠡᠮ ᠲᠣᠭᠤᠷᠢᠭ ᠤᠨ ᠠᠭᠤᠳᠠᠮ ᠲᠠᠯᠠᠪᠠᠶ ᠶᠢᠨ ᠪᠥᠵᠢᠭ ᠤᠨ ᠦᠵᠡᠭᠦᠯᠭᠡ ᠶᠠᠪᠤᠭᠳᠠᠵᠠᠢᠭᠦᠭᠡᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠭᠤᠣᠯᠯᠠᠨ ᠡᠷᠭᠢᠯᠡᠭᠰᠡᠨ 2023 ᠣᠨ ᠤ ︽ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠬᠤᠨᠳᠠᠭᠠᠲᠤ︾ ᠭᠦᠭᠡᠬᠤᠲᠠ ᠶᠢᠨ ᠨᠡᠶᠢᠭᠡᠮ ᠲᠣᠭᠤᠷᠢᠭ ᠤᠨ ᠠᠭᠤᠳᠠᠮ ᠲᠠᠯᠠᠪᠠᠶ ᠶᠢᠨ ᠪᠥᠵᠢᠭ ᠤᠨ ᠦᠵᠡᠭᠦᠯᠭᠡ ᠶᠢᠨ ᠠᠵᠢᠯᠯᠠᠭ᠎ᠠ ᠵᠢᠴᠢ ᠭᠦᠭᠡᠬᠤᠲᠠ ᠶᠢᠨ ᠢᠳᠡᠷ ᠥᠲᠡᠯᠦᠭᠡ ᠨᠠᠰᠤᠨ ᠤ ᠡᠮᠡᠭᠲᠡᠶᠢᠴᠦᠳ ᠤᠨ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ᠂ ᠠᠭᠤᠳᠠᠮ ᠲᠠᠯᠠᠪᠠᠶ ᠶᠢᠨ ᠪᠥᠵᠢᠭ ᠤᠨ ᠦᠵᠡᠭᠦᠯᠭᠡ ᠶᠢᠨ ᠠᠵᠢᠯᠯᠠᠭ᠎ᠠ ᠲᠦᠷᠦᠭᠦᠬᠡᠨ ᠲᠡᠮᠦᠷ ᠵᠠᠮ ᠤᠨ ᠰᠠᠭᠤᠭᠠᠯᠢ ᠠᠷᠠᠳ ᠤᠨ ᠲᠣᠭᠤᠷᠢᠭ ᠲᠤ ᠠᠮᠵᠢᠯᠲᠠ ᠲᠠᠢ ᠶᠠᠪᠤᠭᠳᠠᠪᠠ᠃ ᠲᠤᠰ ᠠᠵᠢᠯᠯᠠᠭ᠎ᠠ ᠳᠤ 400 ᠭᠠᠷᠤᠢ ᠪᠡᠶ᠎ᠡ ᠴᠢᠭᠢᠷᠠᠭᠵᠢᠭᠤᠯᠬᠤ ᠪᠠᠭ᠋ᠠᠲᠠᠳ ᠭᠤᠶᠢᠳᠠ ᠰᠠᠶᠢᠬᠠᠨ ᠲᠣᠬᠯᠠᠯᠲᠠ ᠭᠠᠷᠭᠠᠪᠠ᠃ ᠠᠵᠢᠯᠯᠠᠭ᠎ᠠ ᠨᠢ ᠰᠢᠨ᠎ᠡ ᠴᠠᠭ ᠦᠶ᠎ᠡ ᠶᠢᠨ ᠡᠮᠡᠭᠲᠡᠶᠢᠴᠦᠳ ᠤᠨ ︽ᠥᠪᠡᠷ ᠢ ᠪᠠᠨ ᠬᠦᠨᠳᠦᠳᠬᠡᠬᠦ᠂ ᠥᠪᠡᠷ ᠢ ᠪᠠᠨ ᠬᠠᠶᠢᠷᠠᠯᠠᠬᠤ᠂ ᠪᠡᠶ᠎ᠡ ᠪᠠᠨ ᠳᠠᠭᠠᠭᠠᠬᠤ᠂ ᠥᠪᠡᠷ ᠢ ᠪᠠᠨ ᠬᠦᠴᠦᠷᠬᠡᠭᠵᠢᠭᠦᠯᠬᠦ︾ ᠭᠤᠶᠢᠳᠠ ᠰᠠᠶᠢᠬᠠᠨ ᠴᠤᠭ ᠵᠢᠪᠬᠤᠭ᠎ᠠ ᠶᠢ ᠭᠦᠢᠴᠡᠳ ᠢᠯᠡᠷᠡᠭᠦᠯᠬᠦ ᠪᠥᠭᠡᠳ ᠥᠷᠭᠡᠨ ᠣᠯᠠᠨ ᠢᠳᠡᠷ ᠥᠲᠡᠯᠦᠭᠡ ᠨᠠᠰᠤᠨ ᠤ ᠬᠥᠮᠥᠰ ᠤᠨ ᠭᠡᠷ ᠠᠴᠠ ᠪᠠᠨ ᠭᠠᠷᠴᠤ᠂ ᠪᠡᠶ᠎ᠡ ᠪᠠᠨ ᠪᠤᠯᠪᠠᠰᠤᠷᠠᠭᠤᠯᠬᠤ᠂ ᠪᠡᠶ᠎ᠡ ᠰᠡᠳᠬᠢᠯ ᠢᠶᠠᠨ ᠪᠠᠶᠠᠰᠬᠠᠬᠤ᠂ ᠠᠮᠢᠳᠤᠷᠠᠯ ᠤᠨ ᠶᠠᠰᠤ ᠴᠢᠨᠠᠷ ᠢᠶᠠᠨ ᠳᠡᠭᠡᠭᠰᠢᠯᠡᠭᠦᠯᠭᠦ ᠶᠢ ᠬᠥᠲᠥᠯᠥᠨ ᠵᠢᠯᠤᠭᠤᠳᠴᠤ᠂ ᠨᠡᠶᠢᠭᠡᠮ ᠳᠠᠶᠠᠭᠠᠷ ᠲᠤ ᠪᠡᠶ᠎ᠡ ᠴᠢᠭᠢᠷᠠᠭᠵᠢᠭᠤᠯᠬᠤ ᠶᠢ ᠡᠷᠭᠢᠮᠯᠡᠭᠦ᠂ ᠪᠡᠶ᠎ᠡ ᠴᠢᠭᠢᠷᠠᠭᠵᠢᠭᠤᠯᠬᠤ ᠳᠤ ᠣᠷᠤᠯᠴᠠᠬᠤ᠂ ᠡᠷᠡᠭᠦᠯ ᠪᠣᠯᠪᠠᠰᠤᠨ ᠠᠮᠢᠳᠤᠷᠠᠯ ᠤᠨ ᠠᠷᠭ᠎ᠠ ᠮᠠᠶ᠋ᠢᠭ ᠢ ᠬᠥᠭᠡᠭᠡᠴᠡᠯᠳᠦᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠶ ᠪᠤᠯᠭᠠᠬᠤ ᠶᠢ ᠵᠣᠷᠢᠭᠰᠠᠨ ᠪᠠᠶᠢᠨ᠎ᠠ᠃
 
ᠢᠷᠡᠯᠲᠡ᠄ ᠲᠤᠮᠲᠠᠲᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号