ᠮᠠᠨ ᠤ ᠣᠷᠣᠨ ᠵᠡᠮᠳᠡᠭᠴᠦᠳ ᠤᠨ ᠪᠡᠶ᠎ᠡ ᠶᠢᠨ ᠲᠠᠮᠢᠷ ᠢ ᠣᠨᠴᠠᠭᠠᠶ ᠰᠤᠷᠭᠠᠭᠤᠯᠢ ᠳᠤ ᠣᠷᠣᠭᠤᠯᠬᠤ ᠵᠢᠴᠢ ᠵᠡᠮᠳᠡᠭᠴᠦᠳ ᠤᠨ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠤᠭᠴᠢ ᠶᠢᠨ ᠪᠣᠯᠪᠠᠰᠤᠷᠠᠯ ᠶᠠᠪᠤᠭᠳᠠᠵᠠᠢ
ᠨᠡᠶᠢᠲᠡᠯᠡᠭᠰᠡᠨ ᠴᠠᠭ᠄
2023/12/1
ᠮᠠᠨ ᠤ ᠣᠷᠣᠨ ᠵᠡᠮᠳᠡᠭᠴᠦᠳ ᠤᠨ ᠪᠡᠶ᠎ᠡ ᠶᠢᠨ ᠲᠠᠮᠢᠷ ᠢ ᠣᠨᠴᠠᠭᠠᠶ ᠰᠤᠷᠭᠠᠭᠤᠯᠢ ᠳᠤ ᠣᠷᠣᠭᠤᠯᠬᠤ ᠵᠢᠴᠢ ᠵᠡᠮᠳᠡᠭᠴᠦᠳ ᠤᠨ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠤᠭᠴᠢ ᠶᠢᠨ ᠪᠣᠯᠪᠠᠰᠤᠷᠠᠯ ᠶᠠᠪᠤᠭᠳᠠᠵᠠᠢᠬᠥᠭᠵᠢᠯᠲᠡ ᠶᠢ ᠠᠬᠢᠭᠤᠯᠵᠤ᠂ ︽ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀᠎ ᠤᠨ ᠵᠡᠮᠳᠡᠭᠴᠦᠳ ᠤᠨ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢᠨ ᠬᠡᠷᠡᠭᠵᠢᠭᠦᠯᠬᠦ ᠲᠥᠰᠥᠯ︾᠎ ᠢ ᠬᠡᠷᠡᠭᠵᠢᠭᠦᠯᠵᠦ᠂ ᠵᠡᠮᠳᠡᠭᠴᠦᠳ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠤᠭᠴᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ ᠶᠢᠨ ᠲᠥᠯᠥᠭᠡ᠂ ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠬᠤᠯᠪᠤᠭ᠎ᠠ ᠠᠴᠠ ᠭᠤᠣᠯᠯᠠᠨ ᠡᠷᠭᠢᠯᠡᠵᠦ ᠬᠢᠩᠭᠠᠨ ᠠᠶᠢᠮᠠᠭ ᠤᠨ ᠵᠡᠮᠳᠡᠭᠴᠦᠳ ᠤᠨ ᠬᠤᠯᠪᠤᠭ᠎ᠠ ᠠᠴᠠ ᠳᠠᠭᠠᠭᠠᠴᠢᠯᠠᠨ ᠡᠷᠭᠢᠯᠡᠭᠰᠡᠨ ︽ᠦᠯᠡᠮᠵᠢ ᠶᠢᠨ ᠬᠠᠶᠢᠷ᠎ᠠ ᠲᠠᠢ ᠤᠮᠠᠷᠠᠲᠤ ᠬᠢᠯᠢ·ᠲᠠᠩᠰᠤᠭ ᠰᠠᠶᠢᠬᠠᠨ ᠠᠮᠢᠳᠤᠷᠠᠯ︾ ᠭᠡᠬᠦ ᠭᠤᠣᠯ ᠰᠡᠳᠦᠪᠲᠦ ᠵᠡᠮᠳᠡᠭᠴᠦᠳ ᠤᠨ ᠪᠡᠶ᠎ᠡ ᠶᠢᠨ ᠲᠠᠮᠢᠷ ᠢ ᠣᠨᠴᠠᠭᠠᠶ ᠰᠤᠷᠭᠠᠭᠤᠯᠢ ᠳᠤ ᠣᠷᠣᠭᠤᠯᠬᠤ ᠵᠢᠴᠢ ᠪᠦᠭᠦ ᠣᠷᠣᠨ ᠤ ᠵᠡᠮᠳᠡᠭᠴᠦᠳ ᠤᠨ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠤᠭᠴᠢ ᠶᠢᠨ ᠪᠣᠯᠪᠠᠰᠤᠷᠠᠯ ᠤᠨ ᠠᠩᠭᠢ ᠬᠢᠩᠭᠠᠨ ᠠᠶᠢᠮᠠᠭ ᠲᠤ ᠬᠢᠴᠢᠶᠡᠯ ᠡᠬᠢᠯᠡᠪᠡ᠃ ᠪᠦᠭᠦ ᠣᠷᠣᠨ ᠤ ᠡᠯ᠎ᠡ ᠠᠶᠢᠮᠠᠭ ᠬᠤᠲᠠ ᠶᠢᠨ ᠵᠡᠮᠳᠡᠭᠴᠦᠳ ᠤᠨ ᠬᠤᠯᠪᠤᠭ᠎ᠠ ᠶᠢᠨ ᠰᠣᠶᠣᠯ ᠤᠬᠠᠭᠤᠯᠭ᠎ᠠ ᠶᠢᠨ ᠬᠡᠯᠲᠡᠰ ᠤᠨ ᠬᠠᠷᠢᠭᠤᠴᠠᠯᠭᠠᠲᠠᠨ᠂ ᠣᠨᠴᠠᠭᠠᠢ ᠰᠤᠷᠭᠠᠨ ᠬᠥᠮᠦᠵᠢᠯ ᠤᠨ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠪᠠᠭᠰᠢ ᠨᠠᠷ ᠪᠣᠯᠣᠨ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠰᠣᠶᠣᠯ ᠪᠡᠶ᠎ᠡ ᠶᠢᠨ ᠲᠠᠮᠢᠷ ᠤᠨ ᠵᠢᠱᠢᠶ᠎ᠡ ᠦᠵᠡᠭᠦᠯᠭᠦ ᠴᠡᠭ ᠤᠨ ᠠᠵᠢᠯᠲᠠᠨ ᠵᠡᠷᠭᠡ ᠨᠡᠶᠢᠲᠡ 70 ᠭᠠᠷᠤᠢ ᠬᠥᠮᠥᠨ ᠪᠣᠯᠪᠠᠰᠤᠷᠠᠯ ᠳᠤ ᠣᠷᠣᠯᠴᠠᠪᠠ᠃ ᠲᠣᠰ ᠤᠳᠠᠭᠠᠨ ᠤ ᠪᠣᠯᠪᠠᠰᠤᠷᠠᠯ ᠨᠢ 3 ᠡᠳᠦᠷ ᠶᠠᠪᠤᠭᠳᠠᠵᠤ᠂ ᠳᠤᠮᠳᠠᠳᠤ ᠤᠯᠤᠰ ᠤᠨ ᠵᠡᠮᠳᠡᠭᠴᠦᠳ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠬᠠᠮᠢᠶᠠᠷᠤᠯᠲᠠ ᠶᠢᠨ ᠲᠥᠪ ᠤᠨ 6 ᠲᠤᠰᠬᠠᠢ ᠮᠡᠷᠭᠡᠵᠢᠯᠲᠡᠨ ᠢ ᠤᠷᠢᠵᠤ᠂ ᠳᠤᠮᠳᠠᠳᠤ ᠤᠯᠤᠰ ᠤᠨ ᠵᠡᠮᠳᠡᠭᠴᠦᠳ ᠤᠨ ᠪᠡᠶ᠎ᠡ ᠶᠢᠨ ᠲᠠᠮᠢᠷ ᠤᠨ ᠬᠥᠭᠵᠢᠯᠲᠡ ᠶᠢᠨ ᠲᠣᠶᠢᠮᠣᠴᠢᠯᠠᠯ᠂ ᠵᠡᠮᠳᠡᠭᠴᠦᠳ ᠤᠨ ᠵᠣᠨ ᠤ ᠤᠯᠠᠷᠢᠯ ᠤᠨ ᠪᠡᠶ᠎ᠡ ᠶᠢᠨ ᠲᠠᠮᠢᠷ ᠤᠨ ᠲᠥᠷᠥᠯ᠂ ᠵᠡᠮᠳᠡᠭᠴᠦᠳ ᠤᠨ ᠤᠮᠪᠠᠯᠲᠠ ᠶᠢᠨ ᠲᠥᠷᠥᠯ᠂ ᠵᠡᠮᠳᠡᠭᠴᠦᠳ ᠤᠨ ᠬᠦᠨᠳᠦ ᠬᠥᠩᠭᠡᠨ ᠪᠡᠶ᠎ᠡ ᠶᠢᠨ ᠲᠠᠮᠢᠷ ᠤᠨ ᠲᠥᠷᠥᠯ᠂ ᠡᠪᠦᠯ ᠤᠨ ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠲᠠᠮᠢᠷ ᠤᠨ ᠴᠤᠭᠯᠠᠭᠠᠨ ᠲᠥᠷᠥᠯ ᠵᠦᠢᠯ ᠤᠨ ᠬᠥᠭᠵᠢᠯᠲᠡ᠂ ᠵᠡᠮᠳᠡᠭᠴᠦᠳ ᠤᠨ ᠪᠡᠶ᠎ᠡ ᠴᠢᠭᠢᠷᠠᠭᠵᠢᠭᠤᠯᠬᠤ ᠪᠡᠶ᠎ᠡ ᠶᠢᠨ ᠲᠠᠮᠢᠷ ᠵᠡᠷᠭᠡ ᠠᠭᠤᠯᠭ᠎ᠠ ᠶᠢᠨ ᠲᠣᠭᠤᠷᠢᠨ ᠳᠤ ᠬᠢᠴᠢᠶᠡᠯ ᠣᠷᠣᠵᠤ᠂ ᠰᠤᠷᠤᠯᠭᠠᠲᠠᠳ ᠲᠤ ᠪᠦᠭᠦ ᠲᠠᠯ᠎ᠠ ᠶᠢᠨ᠂ ᠰᠢᠰᠲ᠋ᠧᠮ ᠲᠠᠢ ᠪᠣᠯᠪᠠᠰᠤᠷᠠᠯ ᠪᠠ ᠰᠤᠷᠤᠯᠴᠠᠬᠤ ᠲᠣᠭᠢᠶᠠᠯ ᠬᠠᠩᠭᠠᠵᠤ᠂ ᠲᠡᠳᠡ ᠨᠠᠷ ᠲᠤ ᠵᠡᠮᠳᠡᠭᠴᠦᠳ ᠤᠨ ᠪᠡᠶ᠎ᠡ ᠶᠢᠨ ᠲᠠᠮᠢᠷ ᠤᠨ ᠬᠥᠭᠵᠢᠯᠲᠡ ᠶᠢᠨ ᠣᠳᠣᠬᠢ ᠪᠠᠶᠢᠳᠠᠯ ᠪᠠ ᠢᠷᠡᠭᠡᠳᠦᠢ ᠶᠢᠨ ᠬᠠᠨᠳᠤᠰᠢ ᠶᠢ ᠨᠠᠩ ᠰᠠᠶᠢᠲᠤᠷ ᠣᠶᠢᠯᠠᠭᠠᠭᠤᠯᠵᠠᠢ᠃ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠬᠤᠯᠪᠤᠭ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠠᠴᠠ᠂ ᠪᠢᠳᠡ ᠲᠤᠰ ᠤᠳᠠᠭ᠎ᠠ ᠶᠢᠨ ᠪᠣᠯᠪᠠᠰᠤᠷᠠᠯ ᠢᠶᠠᠷ ᠠᠵᠠ ᠲᠣᠭᠢᠶᠠᠯ ᠪᠤᠯᠭᠠᠵᠤ᠂ ᠦᠨᠳᠦᠰᠦᠨ ᠱᠠᠲᠤᠨ ᠤ ᠵᠡᠮᠳᠡᠭᠴᠦᠳ ᠤᠨ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ ᠴᠢᠳᠠᠪᠤᠷᠢ ᠶᠢ ᠤᠯᠠᠮ ᠴᠢᠨᠠᠭᠰᠢᠳᠠ ᠳᠡᠭᠡᠭᠰᠢᠯᠡᠭᠦᠯᠵᠦ᠂ ᠵᠡᠮᠳᠡᠭᠴᠦᠳ ᠤᠨ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢ ᠬᠠᠮᠲᠤ ᠪᠠᠷ ᠠᠬᠢᠭᠤᠯᠵᠤ᠂ ᠵᠡᠮᠳᠡᠭᠴᠦᠳ ᠤᠨ ᠪᠡᠶ᠎ᠡ ᠶᠢᠨ ᠲᠠᠮᠢᠷ ᠤᠨ ᠠᠵᠢᠯᠯᠠᠭ᠎ᠠ ᠳᠤᠮᠳᠠ ᠲᠤᠰ ᠪᠡᠶ᠎ᠡ ᠶᠢᠨ ᠦᠨ᠎ᠡ ᠦᠷᠳᠡᠭ ᠢᠶᠠᠨ ᠢᠯᠡᠷᠡᠭᠦᠯᠵᠦ᠂ ᠬᠦᠰᠡᠯ ᠵᠡᠭᠦᠳᠦ ᠪᠠᠨ ᠲᠡᠷᠭᠡᠯᠰᠢᠭᠦᠯᠬᠦ ᠶᠢ ᠬᠥᠲᠥᠯᠥᠨ ᠵᠢᠯᠤᠭᠤᠳᠴᠤ᠂ ᠥᠷᠭᠡᠨ ᠤᠯᠠᠨ ᠵᠡᠮᠳᠡᠭᠴᠦᠳ ᠤᠨ ᠴᠤᠭ ᠪᠠᠳᠠᠷᠠᠩᠭᠤᠢ ᠥᠭᠡᠳᠡᠯᠡᠨ ᠲᠠᠪᠰᠢᠬᠤ ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ ᠪᠡᠶ᠎ᠡ ᠪᠠᠨ ᠳᠠᠭᠠᠭᠠᠨ ᠬᠦᠴᠦᠷᠬᠡᠭᠵᠢᠬᠦ ᠶᠢ ᠠᠬᠢᠭᠤᠯᠤᠨ᠎ᠠ ᠭᠡᠵᠦ ᠢᠯᠡᠷᠬᠡᠶᠢᠯᠡᠪᠡ᠃
 
ᠢᠷᠡᠯᠲᠡ᠄ ᠲᠤᠮᠲᠠᠲᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号