ᠠᠭᠤᠳᠠᠮ ᠲᠠᠯᠠᠪᠠᠶ ᠶᠢᠨ ᠪᠥᠵᠢᠭ ︽ᠪᠠᠶᠠᠰᠤᠯᠳᠤ ᠣᠷᠳᠣᠰ︾ ᠪᠦᠭᠦ ᠤᠯᠤᠰ ᠤᠨ ᠦᠵᠡᠭᠦᠯᠭᠡ ᠶᠢᠨ ᠲᠤᠬᠯᠠᠯᠳᠠ ᠳᠤ ᠰᠣᠩᠭᠤᠭᠳᠠᠪᠠ
ᠨᠡᠶᠢᠲᠡᠯᠡᠭᠰᠡᠨ ᠴᠠᠭ᠄
2023/12/1
ᠠᠭᠤᠳᠠᠮ ᠲᠠᠯᠠᠪᠠᠶ ᠶᠢᠨ ᠪᠥᠵᠢᠭ ︽ᠪᠠᠶᠠᠰᠤᠯᠳᠤ ᠣᠷᠳᠣᠰ︾ ᠪᠦᠭᠦ ᠤᠯᠤᠰ ᠤᠨ ᠦᠵᠡᠭᠦᠯᠭᠡ ᠶᠢᠨ ᠲᠤᠬᠯᠠᠯᠳᠠ  ᠳᠤ ᠰᠣᠩᠭᠤᠭᠳᠠᠪᠠᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ ᠣᠷᠳᠣᠰ ᠬᠤᠲᠠ ᠶᠢᠨ ᠰᠣᠶᠣᠯ ᠤᠨ ᠣᠷᠳᠣᠨ ᠠᠴᠠ ᠳᠡᠪᠰᠢᠭᠦᠯᠦᠭᠰᠡᠨ ᠠᠭᠤᠳᠠᠮ ᠲᠠᠯᠠᠪᠠᠶ ᠶᠢᠨ ᠪᠥᠵᠢᠭ ︽ᠪᠠᠶᠠᠰᠤᠯᠳᠤ ᠣᠷᠳᠣᠰ︾ 10 ᠰᠠᠷ᠎ᠠ ᠶᠢᠨ 28 ᠠᠴᠠ 30 ᠤ ᠡᠳᠦᠷ ᠪᠤᠯᠳᠠᠯ᠎ᠠ ᠭᠦᠢᠵᠧᠦ ᠮᠤᠵᠢ ᠶᠢᠨ ᠭᠦᠢᠶᠠᠩ ᠬᠤᠲᠠ ᠳᠤ ᠶᠠᠪᠤᠭᠳᠠᠭᠰᠠᠨ 2023 ᠣᠨ ᠤ ᠪᠦᠭᠦ ᠤᠯᠤᠰ ᠤᠨ ᠠᠭᠤᠳᠠᠮ ᠲᠠᠯᠠᠪᠠᠶ ᠶᠢᠨ ᠪᠥᠵᠢᠭ ᠤᠨ ᠦᠷ᠎ᠡ ᠪᠦᠲᠦᠭᠡᠯ ᠤᠨ ᠦᠵᠡᠭᠦᠯᠭᠡ ᠶᠢᠨ ᠴᠤᠭᠯᠠᠭᠠᠨ ᠳᠤ ᠰᠣᠩᠭᠤᠭᠳᠠᠵᠤ᠂ ᠮᠠᠨ ᠤ ᠣᠷᠣᠨ ᠠᠴᠠ ᠰᠣᠩᠭᠤᠭᠳᠠᠭᠰᠠᠨ ᠴᠤᠷ ᠤᠨ ᠭᠠᠭᠴᠠ ᠲᠤᠬᠯᠠᠯᠳᠠ ᠪᠣᠯᠣᠨ᠎ᠠ᠃ ᠠᠭᠤᠳᠠᠮ ᠲᠠᠯᠠᠪᠠᠶ ᠶᠢᠨ ᠪᠥᠵᠢᠭ ︽ᠪᠠᠶᠠᠰᠤᠯᠳᠤ ᠣᠷᠳᠣᠰ︾  ᠢ ᠴᠣ ᠰᠢᠨ᠎ᠡ ᠨᠠᠶᠢᠷᠠᠭᠤᠯᠤᠨ ᠵᠣᠬᠢᠶᠠᠬᠤ ᠣᠶᠢᠯᠠᠭᠠᠭᠳᠠᠬᠤᠨ ᠪᠠ ᠬᠠᠷᠠᠭᠠᠰᠤ ᠠᠴᠠ ᠵᠣᠬᠢᠶᠠᠮᠵᠢᠯᠠᠨ ᠮᠣᠩᠭᠤᠯ ᠪᠥᠵᠢᠭ ᠤᠨ ᠮᠥᠷᠥ᠂ ᠴᠠᠷᠪᠠᠭᠤ᠂ ᠪᠠᠭᠤᠤ ᠶᠢᠨ ᠬᠥᠳᠡᠯᠭᠡᠭᠡᠨ ᠢ ᠤᠷᠠᠨ ᠢᠶᠠᠷ ᠠᠭᠤᠰᠤᠯᠴᠠᠭᠤᠯᠵᠤ᠂ ᠰᠢᠨ᠎ᠡ ᠶᠢ ᠡᠭᠦᠳᠦᠭᠰᠡᠨ ᠮᠥᠷᠲᠡᠭᠡᠨ ᠤᠮᠠᠷᠠᠲᠤ ᠬᠢᠯᠢ ᠶᠢᠨ ᠰᠣᠶᠣᠯ ᠤᠨ ᠠᠭᠤᠯᠤᠭᠳᠠᠬᠤᠨ ᠢ ᠪᠦᠳᠦᠮᠵᠢᠳᠠᠢ ᠢᠯᠡᠷᠡᠭᠦᠯᠪᠡ᠃ ᠪᠥᠵᠢᠭ ᠤᠨ ᠠᠶ᠎ᠠ ᠶᠢ ᠤᠯᠤᠰ ᠤᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ᠪᠤᠯᠬᠤ ᠣᠷᠳᠣᠰ ᠤᠨ ᠪᠣᠭᠤᠨᠢ ᠠᠷᠠᠳ ᠤᠨ ᠳᠠᠭᠤᠤ  ᠠᠴᠠ ᠰᠣᠩᠭᠤᠵᠤ᠂ ︽ᠠᠷᠢᠬᠢᠨ ᠳᠠᠭᠤᠤ︾ ᠪᠣᠯᠣᠨ ︽ᠳᠤᠭᠤᠢ ᠮᠠᠯᠠᠭᠠᠢ︾ ᠠᠴᠠ ᠬᠡᠰᠡᠭᠯᠡᠨ ᠨᠠᠶᠢᠷᠠᠭᠤᠯᠤᠭᠰᠠᠨ ᠢᠷᠠᠭᠤ ᠰᠠᠶᠢᠬᠠᠨ ᠠᠶᠢᠵᠠᠮ ᠠᠶᠠᠰ ᠨᠢ ᠪᠥᠵᠢᠭ ᠤᠨ ᠤᠷᠠᠨ ᠨᠠᠬᠢᠯᠤᠯ ᠲᠠᠢ ᠡᠭᠡᠰᠢᠭ ᠨᠡᠶᠢᠯᠡᠵᠦ᠂ ᠢᠯᠠᠩᠭᠤᠶ᠎ᠠ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠪᠤᠯᠬᠤ ᠣᠷᠳᠣᠰ ᠤᠨ ᠤᠯᠠᠮᠵᠢᠯᠠᠯᠲᠤ ᠦᠨᠳᠦᠰᠦᠲᠡᠨ ᠤ ᠬᠤᠪᠴᠠᠰᠤ ᠵᠠᠰᠠᠯ ᠨᠢ ᠥᠩᠭᠡ ᠢᠯᠭᠠᠷᠠᠭᠠᠳ᠂ ᠭᠠᠵᠠᠷ ᠣᠷᠣᠨ ᠤ ᠣᠨᠴᠠᠯᠢᠭ ᠢ ᠢᠯᠡᠳᠲᠡ ᠬᠠᠷᠠᠭᠤᠯᠤᠭᠰᠠᠨ ᠪᠠᠶᠢᠨ᠎ᠠ᠃ ︽ᠪᠠᠶᠠᠰᠤᠯᠳᠤ ᠣᠷᠳᠣᠰ︾ ᠤᠨ ᠠᠶᠢᠵᠠᠮ ᠰᠡᠳᠬᠢᠯ ᠬᠥᠭᠰᠡᠭᠦᠯᠵᠦ᠂ ᠣᠷᠳᠣᠰ ᠤᠨ ᠠᠷᠠᠳ ᠲᠦᠮᠡᠨ ᠤ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠤᠨ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢ ᠪᠦᠲᠦᠭᠡᠨ ᠪᠠᠶᠢᠭᠤᠯᠬᠤ ᠪᠠᠷ ᠮᠡᠷᠡᠶᠢᠨ ᠴᠢᠷᠮᠠᠶᠢᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠰᠠᠶᠢᠨ ᠰᠠᠶᠢᠬᠠᠨ ᠠᠮᠢᠳᠤᠷᠠᠯ ᠢᠶᠠᠨ ᠴᠣᠭᠴᠠᠯᠠᠬᠤ ᠪᠠᠷ ᠲᠡᠮᠡᠦᠯᠦᠨ ᠤᠷᠤᠭᠰᠢᠯᠠᠵᠤ ᠪᠠᠶᠢᠭ᠎ᠠ ᠡᠷᠴᠢ ᠵᠣᠷᠢᠭ ᠲᠠᠢ ᠥᠭᠡᠳᠡᠷᠬᠡᠭ ᠪᠠᠶᠢᠳᠠᠯ ᠢ ᠲᠤᠰᠬᠠᠪᠠ᠃
 
ᠢᠷᠡᠯᠲᠡ᠄ ᠲᠤᠮᠲᠠᠲᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号