︽ᠲᠠᠶᠢᠺᠢᠨᠳᠤᠤ ᠶᠢᠨ ᠰᠣᠳᠣᠴᠤᠤᠯ︾ ᠤᠨ ᠪᠣᠯᠪᠠᠰᠤᠷᠠᠯ ᠶᠠᠪᠤᠭᠳᠠᠵᠠᠢ | ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠣᠶᠢᠷ᠎ᠠ ᠳᠤ | 2023 ᠣᠨ ᠤ ᠦᠬᠠᠢ ᠬᠤᠲᠠ ᠶᠢᠨ ᠠᠩᠬᠠᠳᠤᠭᠠᠷ ᠬᠤᠭᠤᠴᠠᠭᠠᠨ ᠤ ︽ᠲᠠᠶᠢᠺᠢᠨᠳᠤᠤ ᠶᠢᠨ ᠰᠣᠳᠣᠴᠤᠤᠯ︾ ᠤᠨ | ᠪᠣᠯᠪᠠᠰᠤᠷᠠᠯ ᠤᠨ ᠠᠵᠢᠯᠯᠠᠭ᠎ᠠ 2 ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ ᠦᠬᠠᠢ ᠬᠤᠳᠠ ᠶᠢᠨ ᠡᠯ᠎ᠡ | ᠪᠡᠯᠡᠳᠬᠡᠯ ᠴᠢᠳᠠᠪᠤᠷᠢᠲᠠᠨ ᠤ ᠰᠠᠭᠤᠷᠢᠨ ᠤ ᠨᠡᠶᠢᠲᠡ 200 ᠰᠢᠬᠠᠮ ᠰᠤᠷᠤᠯᠭᠠᠲᠠᠨ ᠠᠵᠢᠯᠯᠠᠭ᠎ᠠ ᠳᠤ ᠣᠷᠣᠯᠴᠠᠪᠠ᠃ | ᠠᠵᠢᠯᠯᠠᠭ᠎ᠠ ᠳᠤ ᠲᠠᠶᠢᠺᠢᠨᠳᠤᠤ ᠶᠢᠨ ᠣᠨᠴᠠ ᠮᠡᠷᠭᠡᠵᠢᠯ ᠤᠨ ᠦᠵᠡᠭᠦᠯᠭᠡ ᠶᠢᠨ ᠲᠣᠬᠯᠠᠯᠲᠠ᠂ ᠰᠠᠭᠤᠷᠢ ᠵᠢᠭᠠᠨ | ᠰᠤᠷᠭᠠᠯᠲᠠ ᠪᠠ ᠰᠢᠭᠰᠢᠭᠡ ᠤᠷᠤᠯᠳᠤᠭᠠᠨ ᠵᠡᠷᠭᠡ ᠠᠭᠤᠯᠭ᠎ᠠ ᠶᠢ ᠲᠣᠬᠢᠷᠠᠭᠤᠯᠪᠠ᠃ | ᠠᠵᠢᠯᠯᠠᠭ᠎ᠠ ᠳᠤ᠂ ᠲᠠᠶᠢᠺᠢᠨᠳᠤᠤ ᠶᠢᠨ ᠬᠥᠭᠵᠢᠭᠦᠯᠦᠯᠲᠡ ᠶᠢᠨ ᠬᠠᠷᠠᠯᠲᠠ ᠪᠠ ᠲᠥᠯᠦᠪᠵᠢᠭᠦᠯᠭᠡ᠂ ᠪᠡᠶ᠎ᠡ ᠶᠢᠨ ᠲᠠᠮᠢᠷ | ᠰᠤᠷᠭᠠᠨ ᠬᠥᠮᠦᠵᠢᠯ ᠢ ᠠᠭᠤᠰᠤᠯᠴᠠᠭᠤᠯᠬᠤ ᠳᠤᠮᠳᠠᠬᠢ ᠲᠠᠶᠢᠺᠢᠨᠳᠤᠤ ᠶᠢᠨ ᠬᠥᠭᠵᠢᠭᠦᠯᠦᠯᠲᠡ ᠶᠢᠨ ᠪᠠᠶᠢᠯᠳᠤᠬᠤ | ᠪᠣᠳᠣᠯᠭ᠎ᠠ᠂ ᠲᠠᠶᠢᠺᠢᠨᠳᠤᠤ ᠶᠢᠨ ᠲᠥᠷᠥᠯ ᠵᠦᠢᠯ ᠤᠨ ᠤᠷᠤᠯᠳᠤᠭᠠᠨ ᠤ ᠬᠠᠮᠤᠭ ᠤᠨ ᠰᠢᠨ᠎ᠡ ᠲᠠᠰ ᠬᠤᠪᠢᠶᠠᠬᠤ | ᠳᠦᠷᠢᠮ ᠵᠢᠴᠢ ᠡᠯᠧᠺᠲᠷᠣᠨ ᠬᠠᠮᠠᠭᠠᠯᠠᠯᠲᠠ ᠶᠢᠨ ᠪᠠᠭᠠᠵᠢ ᠶᠢ ᠬᠡᠷᠡᠭᠯᠡᠬᠦ ᠠᠷᠭ᠎ᠠ ᠪᠠ ᠤᠷ᠎ᠠ ᠮᠡᠷᠭᠡᠵᠢᠯ ᠵᠡᠷᠭᠡ | ᠠᠭᠤᠯᠭ᠎ᠠ ᠶᠢ ᠰᠤᠷᠤᠬᠴᠢᠳ ᠲᠤ ᠲᠠᠶᠢᠯᠪᠤᠷᠢᠯᠠᠨ ᠣᠶᠢᠯᠠᠭᠠᠭᠤᠯᠵᠤ᠂ ᠪᠠᠰᠠ ᠦᠢᠯᠡ ᠬᠥᠳᠡᠯᠦᠯ ᠤᠨ ᠭᠤᠣᠯᠳᠠᠯᠭ᠎ᠠ | ᠪᠠ ᠬᠦᠴᠢᠷ ᠠᠰᠠᠭᠤᠳᠠᠯ ᠢ ᠵᠢᠱᠢᠶ᠎ᠡ ᠦᠵᠡᠭᠦᠯᠦᠨ ᠵᠠᠳᠠᠯᠵᠤ᠂ ᠲᠤᠰᠬᠠᠢ ᠪᠡᠶ᠎ᠡ ᠶᠢᠨ ᠲᠠᠮᠢᠷ ᠤᠨ ᠪᠣᠯᠪᠠᠰᠤᠷᠠᠯ ᠪᠠ | ᠠᠩᠬ᠎ᠠ ᠵᠡᠷᠭᠡ ᠶᠢᠨ ᠮᠡᠷᠭᠡᠵᠢᠯ ᠤᠨ ᠪᠣᠯᠪᠠᠰᠤᠷᠠᠯ ᠢ ᠪᠦᠭᠦ ᠲᠠᠯ᠎ᠠ ᠪᠠᠷ᠂ ᠰᠢᠰᠲ᠋ᠧᠮ ᠲᠠᠢ᠂ ᠰᠢᠨᠵᠢᠯᠡᠬᠦ ᠤᠬᠠᠭᠠᠨᠴᠢ ᠪᠠᠷ | ᠲᠠᠶᠢᠯᠪᠤᠷᠢᠯᠠᠪᠠ᠃ | ᠲᠣᠰ ᠤᠳᠠᠭᠠᠨ ᠤ ᠠᠵᠢᠯᠯᠠᠭ᠎ᠠ ᠨᠢ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠬᠥᠭᠵᠢᠯᠲᠡ ᠶᠢ | ᠠᠬᠢᠭᠤᠯᠵᠤ᠂ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠤᠨ ᠪᠠᠶᠢᠭᠤᠯᠤᠯᠲᠠ ᠳᠤ ᠬᠦᠴᠦᠨ ᠨᠡᠮᠡᠷᠢᠯᠡᠵᠦ᠂ ᠦᠬᠠᠢ | ᠬᠤᠲᠠ ᠶᠢᠨ ᠲᠠᠶᠢᠺᠢᠨᠳᠤᠤ ᠶᠢᠨ ᠲᠥᠷᠥᠯ ᠵᠦᠢᠯ ᠤᠨ ᠰᠢᠨᠵᠢᠯᠡᠬᠦ ᠤᠬᠠᠭᠠᠨᠴᠢᠯᠠᠭᠰᠠᠨ ᠪᠣᠯᠪᠠᠰᠤᠷᠠᠯ ᠤᠨ ᠬᠢᠷᠢ | ᠲᠦᠪᠰᠢᠨ ᠪᠠ ᠬᠥᠳᠡᠯᠭᠡᠭᠡᠨ ᠤ ᠬᠢᠷᠢ ᠪᠦᠲᠦᠮᠵᠢ ᠶᠢ ᠬᠦᠴᠦᠯᠡᠨ ᠳᠡᠭᠡᠭᠰᠢᠯᠡᠭᠦᠯᠵᠦ᠂ ᠦᠬᠠᠢ ᠬᠤᠲᠠ ᠶᠢᠨ | ᠲᠠᠶᠢᠺᠢᠨᠳᠤᠤ ᠶᠢᠨ ᠲᠤᠰᠬᠠᠢ ᠮᠡᠷᠭᠡᠵᠢᠯ ᠤᠨ ᠡᠩᠨᠡᠭᠡ ᠶᠢᠨ ᠪᠠᠶᠢᠭᠤᠯᠤᠯᠲᠠ ᠪᠠ ᠴᠢᠳᠠᠪᠤᠷᠢᠲᠠᠨ ᠤ ᠨᠥᠭᠡᠴᠡ ᠶᠢ ᠤᠯᠠᠮ | ᠴᠢᠨᠠᠭᠰᠢᠳᠠ ᠴᠢᠩᠭᠠᠳᠬᠠᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠪᠠᠷ ᠵᠠᠯᠠᠭᠤᠴᠤᠳ ᠪᠠᠭᠠᠴᠤᠳ ᠤᠨ | ᠪᠣᠯᠪᠠᠰᠤᠷᠠᠯ ᠤᠨ ᠰᠠᠭᠤᠷᠢᠨ ᠢ ᠪᠠᠶᠢᠭᠤᠯᠵᠤ᠂ ᠪᠡᠯᠡᠳᠬᠡᠯ ᠴᠢᠳᠠᠪᠤᠷᠢᠲᠠᠨ ᠤ ᠰᠢᠰᠲ᠋ᠧᠮ ᠢ ᠦᠷᠭᠦᠯᠵᠢᠯᠡᠨ | ᠲᠡᠭᠦᠯᠳᠡᠷᠵᠢᠭᠦᠯᠬᠦ ᠶᠢ ᠵᠣᠷᠢᠵᠠᠢ᠃ |