ᠮᠠᠨ ᠤ ᠣᠷᠣᠨ ᠵᠡᠮᠳᠡᠭᠴᠦᠳ ᠤᠨ ᠪᠡᠶ᠎ᠡ ᠶᠢᠨ ᠲᠠᠮᠢᠷ ᠢ ᠣᠨᠴᠠᠭᠠᠶ ᠰᠤᠷᠭᠠᠭᠤᠯᠢ ᠳᠤ ᠣᠷᠣᠭᠤᠯᠬᠤ ᠵᠢᠴᠢ | ᠵᠡᠮᠳᠡᠭᠴᠦᠳ ᠤᠨ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠤᠭᠴᠢ ᠶᠢᠨ ᠪᠣᠯᠪᠠᠰᠤᠷᠠᠯ ᠶᠠᠪᠤᠭᠳᠠᠵᠠᠢ | ᠬᠥᠭᠵᠢᠯᠲᠡ ᠶᠢ ᠠᠬᠢᠭᠤᠯᠵᠤ᠂ ︽ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ | ᠵᠡᠮᠳᠡᠭᠴᠦᠳ ᠤᠨ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢᠨ ᠬᠡᠷᠡᠭᠵᠢᠭᠦᠯᠬᠦ ᠲᠥᠰᠥᠯ︾ ᠢ | ᠬᠡᠷᠡᠭᠵᠢᠭᠦᠯᠵᠦ᠂ ᠵᠡᠮᠳᠡᠭᠴᠦᠳ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠤᠭᠴᠢ ᠶᠢᠨ ᠡᠩᠨᠡᠭᠡ ᠶᠢᠨ | ᠪᠠᠶᠢᠭᠤᠯᠤᠯᠲᠠ ᠶᠢ ᠴᠢᠩᠭᠠᠳᠬᠠᠬᠤ ᠶᠢᠨ ᠲᠥᠯᠥᠭᠡ᠂ ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ | ᠵᠡᠮᠳᠡᠭᠴᠦᠳ ᠤᠨ ᠬᠤᠯᠪᠤᠭ᠎ᠠ ᠠᠴᠠ ᠭᠤᠣᠯᠯᠠᠨ ᠡᠷᠭᠢᠯᠡᠵᠦ ᠬᠢᠩᠭᠠᠨ ᠠᠶᠢᠮᠠᠭ ᠤᠨ ᠵᠡᠮᠳᠡᠭᠴᠦᠳ ᠤᠨ | ᠬᠤᠯᠪᠤᠭ᠎ᠠ ᠠᠴᠠ ᠳᠠᠭᠠᠭᠠᠴᠢᠯᠠᠨ ᠡᠷᠭᠢᠯᠡᠭᠰᠡᠨ ︽ᠦᠯᠡᠮᠵᠢ ᠶᠢᠨ ᠬᠠᠶᠢᠷ᠎ᠠ ᠲᠠᠢ ᠤᠮᠠᠷᠠᠲᠤ ᠬᠢᠯᠢ·ᠲᠠᠩᠰᠤᠭ ᠰᠠᠶᠢᠬᠠᠨ | ᠠᠮᠢᠳᠤᠷᠠᠯ︾ ᠭᠡᠬᠦ ᠭᠤᠣᠯ ᠰᠡᠳᠦᠪᠲᠦ ᠵᠡᠮᠳᠡᠭᠴᠦᠳ ᠤᠨ ᠪᠡᠶ᠎ᠡ ᠶᠢᠨ ᠲᠠᠮᠢᠷ ᠢ ᠣᠨᠴᠠᠭᠠᠶ ᠰᠤᠷᠭᠠᠭᠤᠯᠢ ᠳᠤ | ᠣᠷᠣᠭᠤᠯᠬᠤ ᠵᠢᠴᠢ ᠪᠦᠭᠦ ᠣᠷᠣᠨ ᠤ ᠵᠡᠮᠳᠡᠭᠴᠦᠳ ᠤᠨ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ | ᠵᠢᠯᠣᠭᠤᠳᠤᠭᠴᠢ ᠶᠢᠨ ᠪᠣᠯᠪᠠᠰᠤᠷᠠᠯ ᠤᠨ ᠠᠩᠭᠢ ᠬᠢᠩᠭᠠᠨ ᠠᠶᠢᠮᠠᠭ ᠲᠤ ᠬᠢᠴᠢᠶᠡᠯ ᠡᠬᠢᠯᠡᠪᠡ᠃ ᠪᠦᠭᠦ ᠣᠷᠣᠨ ᠤ ᠡᠯ᠎ᠡ | ᠠᠶᠢᠮᠠᠭ ᠬᠤᠲᠠ ᠶᠢᠨ ᠵᠡᠮᠳᠡᠭᠴᠦᠳ ᠤᠨ ᠬᠤᠯᠪᠤᠭ᠎ᠠ ᠶᠢᠨ ᠰᠣᠶᠣᠯ ᠤᠬᠠᠭᠤᠯᠭ᠎ᠠ ᠶᠢᠨ ᠬᠡᠯᠲᠡᠰ ᠤᠨ | ᠬᠠᠷᠢᠭᠤᠴᠠᠯᠭᠠᠲᠠᠨ᠂ ᠣᠨᠴᠠᠭᠠᠢ ᠰᠤᠷᠭᠠᠨ ᠬᠥᠮᠦᠵᠢᠯ ᠤᠨ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠪᠠᠭᠰᠢ ᠨᠠᠷ | ᠪᠣᠯᠣᠨ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠰᠣᠶᠣᠯ ᠪᠡᠶ᠎ᠡ ᠶᠢᠨ ᠲᠠᠮᠢᠷ ᠤᠨ ᠵᠢᠱᠢᠶ᠎ᠡ ᠦᠵᠡᠭᠦᠯᠭᠦ | ᠴᠡᠭ ᠤᠨ ᠠᠵᠢᠯᠲᠠᠨ ᠵᠡᠷᠭᠡ ᠨᠡᠶᠢᠲᠡ 70 ᠭᠠᠷᠤᠢ ᠬᠥᠮᠥᠨ ᠪᠣᠯᠪᠠᠰᠤᠷᠠᠯ ᠳᠤ ᠣᠷᠣᠯᠴᠠᠪᠠ᠃ | ᠲᠣᠰ ᠤᠳᠠᠭᠠᠨ ᠤ ᠪᠣᠯᠪᠠᠰᠤᠷᠠᠯ ᠨᠢ 3 ᠡᠳᠦᠷ ᠶᠠᠪᠤᠭᠳᠠᠵᠤ᠂ ᠳᠤᠮᠳᠠᠳᠤ ᠤᠯᠤᠰ ᠤᠨ ᠵᠡᠮᠳᠡᠭᠴᠦᠳ ᠤᠨ ᠪᠡᠶ᠎ᠡ ᠶᠢᠨ | ᠲᠠᠮᠢᠷ ᠤᠨ ᠬᠥᠳᠡᠯᠭᠡᠭᠡᠨ ᠤ ᠬᠠᠮᠢᠶᠠᠷᠤᠯᠲᠠ ᠶᠢᠨ ᠲᠥᠪ ᠤᠨ 6 ᠲᠤᠰᠬᠠᠢ ᠮᠡᠷᠭᠡᠵᠢᠯᠲᠡᠨ ᠢ ᠤᠷᠢᠵᠤ᠂ ᠳᠤᠮᠳᠠᠳᠤ | ᠤᠯᠤᠰ ᠤᠨ ᠵᠡᠮᠳᠡᠭᠴᠦᠳ ᠤᠨ ᠪᠡᠶ᠎ᠡ ᠶᠢᠨ ᠲᠠᠮᠢᠷ ᠤᠨ ᠬᠥᠭᠵᠢᠯᠲᠡ ᠶᠢᠨ ᠲᠣᠶᠢᠮᠣᠴᠢᠯᠠᠯ᠂ ᠵᠡᠮᠳᠡᠭᠴᠦᠳ ᠤᠨ ᠵᠣᠨ ᠤ | ᠤᠯᠠᠷᠢᠯ ᠤᠨ ᠪᠡᠶ᠎ᠡ ᠶᠢᠨ ᠲᠠᠮᠢᠷ ᠤᠨ ᠲᠥᠷᠥᠯ᠂ ᠵᠡᠮᠳᠡᠭᠴᠦᠳ ᠤᠨ ᠤᠮᠪᠠᠯᠲᠠ ᠶᠢᠨ ᠲᠥᠷᠥᠯ᠂ ᠵᠡᠮᠳᠡᠭᠴᠦᠳ ᠤᠨ | ᠬᠦᠨᠳᠦ ᠬᠥᠩᠭᠡᠨ ᠪᠡᠶ᠎ᠡ ᠶᠢᠨ ᠲᠠᠮᠢᠷ ᠤᠨ ᠲᠥᠷᠥᠯ᠂ ᠡᠪᠦᠯ ᠤᠨ ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ | ᠲᠠᠮᠢᠷ ᠤᠨ ᠴᠤᠭᠯᠠᠭᠠᠨ ᠲᠠᠮᠢᠷ ᠤᠨ ᠴᠤᠭᠯᠠᠭᠠᠨ ᠲᠥᠷᠥᠯ ᠵᠦᠢᠯ ᠤᠨ ᠬᠥᠭᠵᠢᠯᠲᠡ᠂ ᠵᠡᠮᠳᠡᠭᠴᠦᠳ ᠤᠨ ᠪᠡᠶ᠎ᠡ | ᠴᠢᠭᠢᠷᠠᠭᠵᠢᠭᠤᠯᠬᠤ ᠪᠡᠶ᠎ᠡ ᠶᠢᠨ ᠲᠠᠮᠢᠷ ᠵᠡᠷᠭᠡ ᠠᠭᠤᠯᠭ᠎ᠠ ᠶᠢᠨ ᠲᠣᠭᠤᠷᠢᠨ ᠳᠤ ᠬᠢᠴᠢᠶᠡᠯ ᠣᠷᠣᠵᠤ᠂ | ᠰᠤᠷᠤᠯᠭᠠᠲᠠᠳ ᠲᠤ ᠪᠦᠭᠦ ᠲᠠᠯ᠎ᠠ ᠶᠢᠨ᠂ ᠰᠢᠰᠲ᠋ᠧᠮ ᠲᠠᠢ ᠪᠣᠯᠪᠠᠰᠤᠷᠠᠯ ᠪᠠ ᠰᠤᠷᠤᠯᠴᠠᠬᠤ ᠲᠣᠭᠢᠶᠠᠯ ᠬᠠᠩᠭᠠᠵᠤ᠂ | ᠲᠡᠳᠡ ᠨᠠᠷ ᠲᠤ ᠵᠡᠮᠳᠡᠭᠴᠦᠳ ᠤᠨ ᠪᠡᠶ᠎ᠡ ᠶᠢᠨ ᠲᠠᠮᠢᠷ ᠤᠨ ᠬᠥᠭᠵᠢᠯᠲᠡ ᠶᠢᠨ ᠣᠳᠣᠬᠢ ᠪᠠᠶᠢᠳᠠᠯ ᠪᠠ ᠢᠷᠡᠭᠡᠳᠦᠢ ᠶᠢᠨ | ᠬᠠᠨᠳᠤᠰᠢ ᠶᠢ ᠨᠠᠩ ᠰᠠᠶᠢᠲᠤᠷ ᠣᠶᠢᠯᠠᠭᠠᠭᠤᠯᠵᠠᠢ᠃ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ | ᠬᠤᠯᠪᠤᠭ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠠᠴᠠ᠂ ᠪᠢᠳᠡ ᠲᠤᠰ ᠤᠳᠠᠭ᠎ᠠ ᠶᠢᠨ ᠪᠣᠯᠪᠠᠰᠤᠷᠠᠯ ᠢᠶᠠᠷ ᠠᠵᠠ | ᠲᠣᠭᠢᠶᠠᠯ ᠪᠤᠯᠭᠠᠵᠤ᠂ ᠦᠨᠳᠦᠰᠦᠨ ᠱᠠᠲᠤᠨ ᠤ ᠵᠡᠮᠳᠡᠭᠴᠦᠳ ᠤᠨ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ | ᠴᠢᠳᠠᠪᠤᠷᠢ ᠶᠢ ᠤᠯᠠᠮ ᠴᠢᠨᠠᠭᠰᠢᠳᠠ ᠳᠡᠭᠡᠭᠰᠢᠯᠡᠭᠦᠯᠵᠦ᠂ ᠵᠡᠮᠳᠡᠭᠴᠦᠳ ᠤᠨ ᠪᠡᠶ᠎ᠡ ᠶᠢᠨ ᠲᠠᠮᠢᠷ ᠤᠨ ᠦᠢᠯᠡᠰ ᠤᠨ | ᠬᠥᠭᠵᠢᠯᠲᠡ ᠶᠢ ᠬᠠᠮᠲᠤ ᠪᠠᠷ ᠠᠬᠢᠭᠤᠯᠵᠤ᠂ ᠵᠡᠮᠳᠡᠭᠴᠦᠳ ᠤᠨ ᠪᠡᠶ᠎ᠡ ᠶᠢᠨ ᠲᠠᠮᠢᠷ ᠤᠨ ᠠᠵᠢᠯᠯᠠᠭ᠎ᠠ ᠳᠤᠮᠳᠠ ᠲᠤᠰ | ᠪᠡᠶ᠎ᠡ ᠶᠢᠨ ᠦᠨ᠎ᠡ ᠦᠷᠳᠡᠭ ᠢᠶᠠᠨ ᠢᠯᠡᠷᠡᠭᠦᠯᠵᠦ᠂ ᠬᠦᠰᠡᠯ ᠵᠡᠭᠦᠳᠦ ᠪᠠᠨ ᠲᠡᠷᠭᠡᠯᠰᠢᠭᠦᠯᠬᠦ ᠶᠢ ᠬᠥᠲᠥᠯᠥᠨ | ᠵᠢᠯᠤᠭᠤᠳᠴᠤ᠂ ᠥᠷᠭᠡᠨ ᠤᠯᠠᠨ ᠵᠡᠮᠳᠡᠭᠴᠦᠳ ᠤᠨ ᠴᠤᠭ ᠪᠠᠳᠠᠷᠠᠩᠭᠤᠢ ᠥᠭᠡᠳᠡᠯᠡᠨ ᠲᠠᠪᠰᠢᠬᠤ ᠤᠶᠤᠨ ᠰᠠᠨᠠᠭᠠᠨ ᠤ | ᠳᠦᠷᠰᠦ ᠪᠠᠶᠢᠳᠠᠯ ᠢᠶᠠᠷ ᠪᠡᠶ᠎ᠡ ᠪᠠᠨ ᠳᠠᠭᠠᠭᠠᠨ ᠬᠦᠴᠦᠷᠬᠡᠭᠵᠢᠬᠦ ᠶᠢ ᠠᠬᠢᠭᠤᠯᠤᠨ᠎ᠠ ᠭᠡᠵᠦ ᠢᠯᠡᠷᠬᠡᠶᠢᠯᠡᠪᠡ᠃ | |