ᠠᠷᠪᠠᠳᠤᠭᠠᠷ ᠬᠤᠭᠤᠴᠠᠭᠠᠨ ᠤ ︽ᠰᠢᠯᠢᠳᠡᠭ ᠰᠤᠷᠪᠤᠯᠵᠢᠯᠠᠬᠴᠢᠳ ᠰᠠᠶᠢᠬᠠᠨ ᠦᠯᠢᠭᠡᠷ ᠶᠠᠷᠢᠬᠤ︾ ᠠᠵᠢᠯᠯᠠᠭ᠎ᠠ ᠶᠢᠨ ᠰᠢᠯᠭᠠᠷᠠᠭᠤᠯᠬᠤ ᠤᠷᠤᠯᠳᠤᠭᠠᠨ ᠡᠬᠢᠯᠡᠪᠡ
ᠨᠡᠶᠢᠲᠡᠯᠡᠭᠰᠡᠨ ᠴᠠᠭ᠄
2023/12/1
ᠠᠷᠪᠠᠳᠤᠭᠠᠷ ᠬᠤᠭᠤᠴᠠᠭᠠᠨ ᠤ ︽ᠰᠢᠯᠢᠳᠡᠭ ᠰᠤᠷᠪᠤᠯᠵᠢᠯᠠᠬᠴᠢᠳ ᠰᠠᠶᠢᠬᠠᠨ ᠦᠯᠢᠭᠡᠷ ᠶᠠᠷᠢᠬᠤ︾ ᠠᠵᠢᠯᠯᠠᠭ᠎ᠠ ᠶᠢᠨ ᠰᠢᠯᠭᠠᠷᠠᠭᠤᠯᠬᠤ ᠤᠷᠤᠯᠳᠤᠭᠠᠨ ᠡᠬᠢᠯᠡᠪᠡᠠᠷᠪᠠᠳᠤᠭᠠᠷ ᠬᠤᠭᠤᠴᠠᠭᠠᠨ ᠤ ︽ᠰᠢᠯᠢᠳᠡᠭ ᠰᠤᠷᠪᠤᠯᠵᠢᠯᠠᠬᠴᠢᠳ ᠰᠠᠶᠢᠬᠠᠨ ᠦᠯᠢᠭᠡᠷ ᠶᠠᠷᠢᠬᠤ︾ ᠠᠵᠢᠯᠯᠠᠭ᠎ᠠ ᠶᠢᠨ ᠰᠢᠯᠭᠠᠷᠠᠭᠤᠯᠬᠤ ᠤᠷᠤᠯᠳᠤᠭᠠᠨ 10 ᠤ ᠡᠳᠦᠷ ᠪᠡᠭᠡᠵᠢᠩ ᠳᠤ ᠡᠬᠢᠯᠡᠪᠡ᠃ ᠲᠥᠪ ᠤᠨ ᠭᠤᠣᠯ ᠪᠤᠯᠬᠤ ᠰᠣᠨᠢᠨ ᠮᠡᠳᠡᠭᠡᠨ ᠤ ᠨᠢᠭᠡᠴᠢ᠂ ᠪᠦᠭᠦ ᠤᠯᠤᠰ ᠤᠨ ᠴᠢᠨᠠᠷᠲᠠᠢ ᠠᠵᠢᠯ ᠲᠥᠷᠥᠯ ᠤᠨ ᠵᠠᠭᠤᠴᠢᠯᠠᠭᠤᠷ᠂ ᠡᠯ᠎ᠡ ᠮᠤᠵᠢ ᠣᠷᠣᠨ ᠬᠤᠲᠠ ᠪᠣᠯᠣᠨ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠲᠠᠨᠢᠯᠴᠠᠭᠤᠯᠤᠭᠰᠠᠨ 124 ᠰᠢᠯᠢᠳᠡᠭ ᠰᠤᠷᠪᠤᠯᠵᠢᠯᠠᠬᠴᠢ ᠰᠢᠯᠭᠠᠷᠠᠭᠤᠯᠬᠤ ᠤᠷᠤᠯᠳᠤᠭᠠᠨ ᠤ ᠬᠤᠶᠠᠳᠠᠭᠢ ᠤᠷᠤᠯᠳᠤᠭᠠᠨ ᠪᠠ ᠰᠢᠢᠳᠪᠦᠷᠢᠲᠦ ᠤᠷᠤᠯᠳᠤᠭᠠᠨ ᠳᠤ ᠣᠷᠣᠯᠴᠠᠪᠠ᠃ ᠳᠤᠮᠳᠠᠳᠤ ᠤᠯᠤᠰ ᠤᠨ ᠰᠣᠨᠢᠨ ᠮᠡᠳᠡᠭᠡᠨ ᠤ ᠠᠵᠢᠯᠲᠠᠳ ᠤᠨ ᠨᠡᠶᠢᠭᠡᠮᠯᠢᠭ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠳᠡᠳ᠋ ᠲᠡᠷᠢᠭᠦᠯᠡᠭᠴᠢ ᠯᠢᠦ ᠰᠧ ᠶᠠᠩ᠂ ᠲᠤᠰ ᠤᠳᠠᠭ᠎ᠠ ᠶᠢᠨ ᠠᠵᠢᠯᠯᠠᠭ᠎ᠠ ᠨᠢ ᠰᠣᠨᠢᠨ ᠮᠡᠳᠡᠭᠡᠨ ᠤ ᠠᠵᠢᠯᠲᠠᠳ ᠤᠨ ᠦᠨᠡᠨ ᠰᠡᠳᠬᠢᠯ ᠤᠨ ᠲᠣᠭᠠᠴᠢᠯᠲᠠ ᠪᠠᠷ ᠳᠠᠮᠵᠢᠭᠤᠯᠤᠨ᠂ ᠰᠣᠨᠢᠨ ᠮᠡᠳᠡᠭᠡᠨ ᠤ ᠹᠷᠣᠨᠲ ᠤᠨ ᠬᠢᠨ ᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠣᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠠᠮᠢᠳᠤᠯᠢᠭ ᠪᠣᠳᠠᠲᠠᠢ ᠦᠢᠯᠡᠳᠦᠯᠭᠡ ᠶᠢ ᠭᠦᠢᠴᠡᠳ ᠲᠤᠰᠬᠠᠵᠤ᠂ ᠥᠷᠭᠡᠨ ᠤᠯᠠᠨ ᠨᠠᠶᠢᠷᠠᠭᠤᠯᠤᠭᠴᠢ ᠰᠤᠷᠪᠤᠯᠵᠢᠯᠠᠬᠴᠢ ᠶᠢᠨ ︽ᠳᠦᠷᠪᠡᠨ ᠴᠢᠳᠠᠪᠤᠷᠢ︾  ᠪᠠᠨ ᠲᠠᠰᠤᠷᠠᠯᠳᠡ ᠦᠭᠡᠢ ᠳᠡᠭᠡᠭᠰᠢᠯᠡᠭᠦᠯᠵᠦ᠂ ᠰᠣᠨᠢᠨ ᠮᠡᠳᠡᠭᠡᠨ ᠤ ᠶᠠᠷᠢᠶ᠎ᠠ ᠬᠡᠯᠡᠯᠴᠡᠭᠡᠨ ᠤ ᠠᠵᠢᠯ ᠳᠤ ᠡᠭᠦᠳᠦᠭᠰᠡᠨ ᠰᠢᠨ᠎ᠡ ᠦᠷ᠎ᠡ ᠪᠦᠲᠦᠮᠵᠢ ᠶᠢ ᠢᠯᠡᠷᠡᠭᠦᠯᠬᠦ ᠪᠠᠷ ᠵᠣᠷᠢᠯᠲᠠ ᠪᠣᠯᠭᠠᠵᠠᠢ ᠭᠡᠪᠡ᠃ ᠲᠠᠨᠢᠯᠴᠠᠭᠤᠯᠤᠭᠰᠠᠨ ᠢᠶᠠᠷ᠂ ᠳᠤᠮᠳᠠᠳᠤ ᠤᠯᠤᠰ ᠤᠨ ᠰᠣᠨᠢᠨ ᠮᠡᠳᠡᠭᠡᠨ ᠤ ᠠᠵᠢᠯᠲᠠᠳ ᠤᠨ ᠨᠡᠶᠢᠭᠡᠮᠯᠢᠭ᠂ ᠪᠦᠭᠦ ᠤᠯᠤᠰ ᠤᠨ ᠭᠤᠷᠪᠠᠨ ᠵᠦᠢᠯ ᠤᠨ ᠰᠤᠷᠭᠠᠨ ᠬᠥᠮᠦᠵᠢᠯ ᠤᠨ ᠠᠯᠪᠠᠨ ᠭᠡᠷ ︽ᠰᠢᠨ᠎ᠡ ᠴᠠᠭ ᠦᠶ᠎ᠡ·ᠰᠢᠯᠢᠳᠡᠭ ᠰᠤᠷᠪᠤᠯᠵᠢᠯᠠᠬᠴᠢᠳ︾  ᠢᠶᠠᠷ ᠭᠤᠣᠯ ᠰᠡᠳᠦᠪ ᠪᠤᠯᠭᠠᠵᠤ᠂ ︽ᠰᠢᠯᠢᠳᠡᠭ ᠰᠤᠷᠪᠤᠯᠵᠢᠯᠠᠬᠴᠢᠳ ᠰᠠᠶᠢᠬᠠᠨ ᠦᠯᠢᠭᠡᠷ ᠶᠠᠷᠢᠬᠤ︾ ᠭᠤᠣᠯᠯᠠᠬᠤ ᠲᠦᠷᠦᠯ ᠲᠡᠮᠳᠡᠭ ᠢ ᠡᠭᠦᠳᠴᠦ᠂ ︽ᠰᠢᠯᠢᠳᠡᠭ ᠰᠤᠷᠪᠤᠯᠵᠢᠯᠠᠬᠴᠢᠳ ᠰᠠᠶᠢᠬᠠᠨ ᠦᠯᠢᠭᠡᠷ ᠶᠠᠷᠢᠬᠤ︾ ᠭᠠᠷᠠᠭ ᠪᠦᠷᠢ ᠶᠢᠨ ᠴᠤᠭᠯᠠᠭᠠᠨ ᠵᠡᠷᠭᠡ ᠰᠢᠷᠢᠰ ᠠᠵᠢᠯᠯᠠᠭ᠎ᠠ ᠶᠢ ᠡᠷᠭᠢᠯᠡᠵᠦ᠂ ᠥᠷᠭᠡᠨ ᠣᠯᠠᠨ ᠰᠣᠨᠢᠨ ᠮᠡᠳᠡᠭᠡᠨ ᠤ ᠠᠵᠢᠯᠲᠠᠨ ᠤ ᠮᠠᠷᠺᠰ ᠤᠨ ᠦᠵᠡᠯ ᠤᠨ ᠰᠣᠨᠢᠨ ᠮᠡᠳᠡᠭᠡᠨ ᠤ ᠦᠵᠡᠯᠲᠡ ᠶᠢ ᠪᠠᠲᠤ ᠪᠠᠬᠢ ᠪᠤᠶ ᠪᠤᠯᠭᠠᠵᠤ᠂ ᠳᠤᠮᠳᠠᠳᠤ ᠤᠯᠤᠰ ᠤᠨ ᠥᠯᠢᠭᠡᠷ ᠢ ᠰᠠᠶᠢᠲᠤᠷ ᠶᠠᠷᠢᠵᠤ᠂ ᠳᠤᠮᠳᠠᠳᠤ ᠤᠯᠤᠰ ᠤᠨ ᠲᠠᠭᠤᠨ ᠢ ᠰᠠᠶᠢᠲᠤᠷ ᠳᠠᠮᠵᠢᠭᠤᠯᠬᠤ ᠶᠢ ᠴᠢᠨᠠᠭᠰᠢᠳᠠ ᠬᠥᠲᠥᠯᠥᠨ ᠵᠢᠯᠤᠭᠤᠳᠴᠤ ᠤᠷᠮᠠᠰᠢᠭᠤᠯᠪᠠ᠃
 
ᠢᠷᠡᠯᠲᠡ᠄ ᠲᠤᠮᠲᠠᠲᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号