ᠴᠠᠭᠢᠯᠭᠠᠨ ᠲᠣᠣᠷ ᠤᠨ ᠭᠤᠷᠪᠠᠨ ᠵᠢᠯ ᠤᠨ ᠠᠵᠢᠯᠯᠠᠭ᠎ᠠ ᠨᠢ ᠬᠥᠳᠡᠭᠡ ᠲᠤᠰᠬᠤᠨ ᠤ ᠬᠥᠭᠵᠢᠯᠲᠡ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2023/12/11
ᠴᠠᠭᠢᠯᠭᠠᠨ ᠲᠣᠣᠷ ᠤᠨ ᠭᠤᠷᠪᠠᠨ ᠵᠢᠯ ᠤᠨ ᠠᠵᠢᠯᠯᠠᠭ᠎ᠠ ᠨᠢ ᠬᠥᠳᠡᠭᠡ ᠲᠤᠰᠬᠤᠨ ᠤ ᠬᠥᠭᠵᠢᠯᠲᠡ ᠳᠤ ᠬᠦᠴᠦᠨ ᠨᠡᠮᠡᠷᠢᠯᠡᠨ᠎ᠡᠲᠠᠷᠢᠶᠠᠯᠠᠩ ᠤᠨ ᠠᠵᠤ ᠦᠢᠯᠡᠰ ᠤᠨ ᠬᠥᠭᠵᠢᠯᠲᠡ ᠶᠢᠨ ᠴᠠᠭᠢᠯᠭᠠᠨ ᠬᠡᠷᠡᠭᠯᠡᠬᠦ ᠠᠰᠠᠭᠤᠳᠠᠯ ᠢ ᠲᠦᠷᠭᠡᠨ ᠰᠢᠢᠳᠪᠦᠷᠢᠯᠡᠵᠦ᠂ ᠬᠥᠳᠡᠭᠡ ᠲᠣᠰᠬᠤᠨ᠂ ᠮᠠᠯᠵᠢᠬᠤ ᠣᠷᠣᠨ ᠤ ᠴᠠᠭᠢᠯᠭᠠᠨ ᠬᠦᠴᠦᠨ ᠤ ᠪᠠᠲᠤᠯᠠᠪᠤᠷᠢ ᠶᠢᠨ ᠲᠦᠪᠰᠢᠨ ᠢ ᠳᠡᠭᠡᠭᠰᠢᠯᠡᠭᠦᠯᠭᠦ ᠶᠢᠨ ᠲᠥᠯᠥᠭᠡ᠂ ᠲᠦᠷᠦᠭᠦᠬᠡᠨ ᠤᠯᠤᠰ ᠤᠨ ᠴᠠᠭᠢᠯᠭᠠᠨ ᠲᠣᠣᠷ ᠤᠨ ᠥᠪᠥᠷ ᠮᠣᠩᠭᠤᠯ ᠤᠨ ᠵᠡᠭᠦᠨ ᠪᠡᠶ᠎ᠡ ᠶᠢᠨ ᠴᠠᠭᠢᠯᠭᠠᠨ ᠬᠦᠴᠦᠨ ᠤ ᠺᠤᠮᠫᠠᠨᠢ ︽ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠬᠦᠴᠦ ᠨᠡᠮᠡᠷᠢᠯᠡᠬᠦ ᠰᠢᠶᠠᠨ ᠤ ᠬᠡᠪᠴᠢᠶᠡᠨ ᠤ ᠴᠠᠭᠢᠯᠭᠠᠨ ᠲᠣᠣᠷ ᠢ ᠪᠠᠬᠢᠵᠢᠭᠦᠯᠦᠨ ᠳᠡᠭᠡᠭᠰᠢᠯᠡᠭᠦᠯᠭᠦ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ︾ ᠎ ᠶᠢ ᠡᠬᠢᠯᠡᠭᠦᠯᠵᠦ᠂ ᠴᠠᠭᠢᠯᠭᠠᠨ ᠬᠠᠩᠭᠠᠬᠤ ᠴᠢᠳᠠᠪᠤᠷᠢ ᠪᠠ ᠦᠢᠯᠡᠴᠢᠯᠡᠭᠡᠨ ᠤ ᠲᠦᠪᠰᠢᠨ ᠢ ᠪᠦᠭᠦ ᠲᠠᠯ᠎ᠠ ᠪᠠᠷ ᠳᠡᠭᠡᠭᠰᠢᠯᠡᠭᠦᠯᠦᠨ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠳᠤ ᠬᠦᠴᠦᠨ ᠨᠡᠮᠡᠷᠢᠯᠡᠨ᠎ᠡ ᠣᠶᠢᠯᠠᠭᠠᠭᠰᠠᠨ ᠢᠶᠠᠷ᠂ ᠭᠤᠷᠪᠠᠨ ᠵᠢᠯ ᠤᠨ ᠠᠵᠢᠯᠯᠠᠭ᠎ᠠ ᠨᠢ ᠰᠢᠶᠠᠨ ᠤ ᠬᠡᠪᠴᠢᠶᠡᠨ ᠤ ᠴᠠᠭᠢᠯᠭᠠᠨ ᠲᠣᠣᠷ ᠢ ᠪᠠᠬᠢᠵᠢᠭᠦᠯᠦᠨ ᠳᠡᠭᠡᠭᠰᠢᠯᠡᠭᠦᠯᠭᠦ ᠪᠠᠷ ᠤᠳᠤᠷᠢᠳᠤᠮᠵᠢ ᠪᠤᠯᠭᠠᠵᠤ᠂ ᠲᠣᠰᠬᠤᠨ ᠤ ᠳᠡᠰ ᠤᠨ ᠴᠠᠭᠢᠯᠭᠠᠨ ᠤ ᠲᠣᠣᠷ ᠤᠨ ᠭᠡᠯᠪᠡᠷᠢ ᠪᠠᠨ ᠬᠤᠪᠢᠷᠠᠭᠤᠯᠬᠤ ᠪᠠᠷ ᠲᠤᠰᠤᠯᠲᠠ ᠪᠤᠯᠭᠠᠵᠤ᠂ ᠬᠦᠨᠳᠦ ᠭᠡᠲᠦ ᠠᠴᠢᠶ᠎ᠠ᠂ ᠳᠣᠣᠷ᠎ᠠ ᠬᠦᠴᠦᠳᠡᠯ ᠵᠢᠴᠢ ᠡᠷᠦᠭᠡ ᠪᠦᠷᠢ ᠶᠢᠨ ᠳᠤᠮᠳᠠᠴᠢ ᠪᠠᠭᠲᠠᠭᠠᠮᠵᠢ ᠬᠦᠷᠦᠯᠴᠡᠬᠦ ᠦᠭᠡᠢ᠂ ᠳᠥᠷᠪᠡᠨ ᠤᠲᠠᠰᠤ ᠡᠷᠦᠭᠡ ᠳᠤ ᠣᠷᠣᠬᠤ ᠨᠤᠷᠮ᠎ᠠ ᠨᠡᠯᠢᠶᠡᠳ ᠳᠣᠣᠷ᠎ᠠ ᠪᠠᠶᠢᠬᠤ ᠵᠡᠷᠭᠡ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ᠂ 3 ᠵᠢᠯ ᠤᠨ ᠴᠠᠭ ᠢ ᠠᠰᠢᠭᠯᠠᠨ ᠰᠢᠶᠠᠨ ᠤ ᠬᠡᠪᠴᠢᠶᠡᠨ ᠤ ᠴᠠᠭᠢᠯᠭᠠᠨ ᠲᠦᠭᠡᠭᠡᠬᠦ ᠲᠣᠣᠷ ᠤᠨ ᠭᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠠᠮᠤᠷ ᠲᠦᠪᠰᠢᠨ ᠪᠥᠭᠡᠳ ᠨᠠᠶᠢᠳᠠᠪᠤᠷᠢᠲᠠᠢ᠂ ᠲᠣᠣᠷ ᠤᠨ ᠪᠦᠲᠦᠴᠡ ᠪᠠᠲᠤ ᠪᠠᠬᠢ᠂ ᠬᠢᠮᠳᠠ ᠪᠥᠭᠡᠳ ᠲᠣᠬᠢᠷᠠᠮᠵᠢᠲᠠᠢ᠂ ᠡᠯᠪᠡᠭ ᠳᠡᠯᠪᠡᠭ᠂ ᠴᠠᠭᠢᠯᠭᠠᠨ ᠡᠨᠧᠷᠭᠢ ᠴᠢᠨᠠᠷ ᠰᠠᠶᠢᠲᠠᠢ ᠰᠢᠶᠠᠨ ᠤ ᠬᠡᠪᠴᠢᠶᠡᠨ ᠤ ᠴᠠᠭᠢᠯᠭᠠᠨ ᠲᠦᠭᠡᠭᠡᠬᠦ ᠲᠣᠣᠷ ᠢ ᠪᠦᠲᠦᠭᠡᠨ ᠪᠠᠶᠢᠭᠤᠯᠬᠤ ᠪᠣᠯᠣᠨ᠎ᠠ᠃ ᠲᠥᠯᠥᠪᠯᠡᠭᠡ ᠶᠣᠰᠣᠭᠠᠷ᠂ ᠤᠯᠤᠰ ᠤᠨ ᠴᠠᠭᠢᠯᠭᠠᠨ ᠲᠣᠣᠷ ᠤᠨ ᠥᠪᠥᠷ ᠮᠣᠩᠭᠤᠯ ᠤᠨ ᠵᠡᠭᠦᠨ ᠪᠡᠶ᠎ᠡ ᠶᠢᠨ ᠴᠠᠭᠢᠯᠭᠠᠨ ᠬᠦᠴᠦᠨ ᠤ ᠺᠤᠮᠫᠠᠨᠢ ᠨᠢ ᠰᠢᠶᠠᠨ ᠤ ᠬᠡᠪᠴᠢᠶᠡᠨ ᠤ ᠴᠠᠭᠢᠯᠭᠠᠨ ᠡᠭᠦᠰᠬᠡᠭᠴᠢ ᠶᠢᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠵᠦ᠂ ᠭᠤᠣᠯ ᠲᠣᠣᠷ ᠤᠨ ᠪᠦᠲᠦᠴᠡ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ ᠶᠢ ᠨᠢᠭᠡᠳᠦᠯᠲᠡᠢ ᠲᠥᠯᠥᠪᠯᠡᠨ ᠪᠣᠳᠣᠯᠬᠢᠯᠠᠵᠤ ᠂ 3 ᠵᠢᠯ ᠤᠨ ᠳᠣᠲᠣᠷ᠎ᠠ 50 ᠰᠠᠭᠤᠷᠢ ᠬᠦᠴᠦᠳᠡᠯ ᠥᠭᠡᠷᠡᠴᠢᠯᠡᠬᠦ ᠥᠷᠲᠡᠭᠡ ᠪᠠᠶᠢᠭᠤᠯᠵᠤ᠂ 10 ᠺᠢᠯᠣᠸᠤᠯᠲ ᠤᠨ ᠱᠤᠭᠤᠮ ᠢ 200 ᠰᠢᠨ᠎ᠡ ᠪᠠᠷ ᠨᠡᠮᠡᠭᠳᠡᠭᠦᠯᠦᠨ᠂ ᠰᠢᠶᠠᠨ ᠤ ᠬᠡᠪᠴᠢᠶᠡᠨ ᠤ ᠴᠠᠭᠢᠯᠭᠠᠨ ᠲᠣᠣᠷ ᠤᠨ ᠠᠵᠢᠯᠯᠠᠭᠠᠨ ᠤ ᠠᠮᠢᠳᠤᠯᠢᠭ ᠴᠢᠨᠠᠷ ᠢ ᠯᠠᠪᠳᠠᠭᠤᠨ ᠢᠶᠠᠷ ᠳᠡᠭᠡᠭᠰᠢᠯᠡᠭᠦᠯᠭᠦ ᠪᠠᠷ ᠴᠢᠷᠮᠠᠶᠢᠨ᠎ᠠ᠃ ᠲᠤᠰ ᠺᠤᠮᠫᠠᠨᠢ ᠨᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠰᠢᠶᠠᠨ᠂ ᠶᠠᠳᠠᠭᠤ ᠠᠴᠠ ᠠᠩᠭᠢᠵᠢᠷᠠᠭᠤᠯᠬᠤ ᠭᠠᠵᠠᠷ ᠣᠷᠣᠨ ᠵᠡᠷᠭᠡ ᠭᠤᠣᠯᠳᠠᠯᠭ᠎ᠠ ᠲᠠᠢ ᠭᠠᠵᠠᠷ ᠣᠷᠣᠨ ᠤ ᠴᠠᠭᠢᠯᠭᠠᠨ ᠲᠣᠣᠷ ᠤᠨ ᠪᠦᠲᠦᠴᠡ ᠶᠢ ᠨᠥᠬᠦᠪᠦᠷᠢᠯᠡᠨ ᠴᠢᠩᠭᠠᠳᠬᠠᠵᠤ᠂ ᠨᠥᠬᠦᠴᠡᠯ ᠳᠤ ᠨᠡᠶᠢᠴᠡᠬᠦ ᠭᠠᠵᠠᠷ ᠣᠷᠣᠨ ᠳᠤ ᠴᠠᠭᠢᠯᠭᠠᠨ ᠤ ᠲᠣᠣᠷ ᠢ ᠤᠷᠲᠤᠳᠬᠠᠬᠤ ᠢᠨᠵᠧᠨᠧᠷᠢᠩ ᠢ ᠬᠡᠷᠡᠭᠵᠢᠭᠦᠯᠵᠦ᠂ ᠪᠤᠶᠢᠳᠠ ᠪᠥᠭᠯᠡᠭᠦᠦ ᠭᠠᠵᠠᠷ ᠣᠷᠣᠨ ᠤ ᠮᠠᠯᠴᠢᠨ ᠲᠠᠷᠢᠶᠠᠴᠢᠨ ᠤ ᠴᠠᠭᠢᠯᠭᠠᠨ ᠬᠡᠷᠡᠭᠯᠡᠬᠦ ᠠᠰᠠᠭᠤᠳᠠᠯ ᠢ ᠲᠦᠷᠭᠡᠨ ᠰᠢᠢᠳᠪᠦᠷᠢᠯᠡᠨ᠎ᠡ᠃ ᠲᠤᠰ ᠺᠤᠮᠫᠠᠨᠢ ᠨᠢ ᠵᠢᠱᠢᠯᠲᠡ ᠪᠠᠷ 2023 ᠣᠨ ᠤ ᠰᠡᠭᠦᠯᠴᠢ ᠪᠤᠯᠬᠤ ᠳᠤ 1.8 ᠲᠦᠮᠡᠨ ᠠᠶᠢᠯ ᠲᠣᠰᠬᠤᠨ ᠤ ᠴᠠᠭᠢᠯᠭᠠᠨ ᠲᠦᠭᠡᠭᠡᠬᠦ ᠲᠣᠣᠷ ᠤᠨ ᠲᠥᠯᠦᠪᠵᠢᠭᠦᠯᠭᠡ ᠶᠢᠨ ᠡᠭᠦᠷᠭᠡ ᠶᠢ ᠪᠡᠶᠡᠯᠡᠭᠦᠯᠦᠨ᠎ᠡ᠃ 2025 ᠣᠨ ᠪᠤᠯᠬᠤ ᠳᠤ ᠮᠡᠳᠡᠭᠦᠯᠦᠨ ᠤᠭᠰᠠᠷᠠᠭᠤᠯᠬᠤ ᠠᠵᠢᠯ ᠤᠨ ᠬᠠᠭᠤᠳᠠᠰᠤ ᠶᠢᠨ ᠳᠠᠷᠤᠭᠳᠠᠯ ᠢ ᠠᠷᠢᠯᠭᠠᠵᠤ᠂ 4 ᠵᠢᠯ ᠳᠠᠷᠠᠭᠠᠯᠠᠨ ᠴᠠᠭᠢᠯᠭᠠᠨ ᠵᠣᠭᠰᠣᠭᠰᠠᠨ ᠵᠢᠴᠢ ᠴᠠᠭᠢᠯᠭᠠᠨ ᠤ ᠬᠦᠨᠳᠦ ᠭᠡᠲᠦ ᠠᠴᠢᠶ᠎ᠠ ᠲᠠᠢ ᠠᠶᠢᠯ ᠲᠣᠰᠬᠤᠨ ᠢ ᠦᠭᠡᠶᠢᠰᠬᠡᠵᠦ᠂ 2026 ᠣᠨ ᠪᠤᠯᠬᠤ ᠳᠤ ᠣᠷᠳᠣ ᠬᠤᠭᠤᠴᠠᠭᠠᠨ ᠤ ᠳᠣᠣᠷ᠎ᠠ ᠬᠦᠴᠦᠳᠡᠯ ᠤᠨ ᠠᠰᠠᠭᠤᠳᠠᠯ ᠢ ᠦᠨᠳᠦᠰᠦᠨ ᠳᠡᠭᠡᠨ ᠰᠢᠢᠳᠪᠦᠷᠢᠯᠡᠵᠦ᠂ ᠡᠷᠦᠭᠡ ᠶᠢᠨ ᠳᠤᠮᠳᠠᠴᠢ ᠬᠤᠪᠢᠰᠤᠯᠲᠠ ᠶᠢᠨ ᠪᠠᠭᠲᠠᠭᠠᠮᠵᠢ ᠶᠢ 3 ᠺᠢᠯᠣᠸᠣᠯᠲ ᠠᠮᠫᠧᠷ ᠠᠴᠠ ᠳᠡᠭᠡᠭᠰᠢ ᠪᠤᠯᠲᠠᠯ᠎ᠠ ᠳᠡᠭᠡᠭᠰᠢᠯᠡᠭᠦᠯᠦᠨ᠎ᠡ᠃ ︽ᠬᠡᠷᠡᠭᠯᠡᠭᠴᠢᠳ ᠤᠨ ᠬᠦᠰᠡᠯ ᠱᠠᠭᠠᠷᠳᠠᠯᠭ᠎ᠠ ᠨᠢ ᠴᠠᠭᠢᠯᠭᠠᠨ ᠲᠦᠭᠡᠭᠡᠬᠦ ᠲᠣᠣᠷ ᠲᠤ ᠪᠤᠶ᠂ ᠴᠠᠭᠢᠯᠭᠠᠨ ᠲᠦᠭᠡᠭᠡᠬᠦ ᠲᠣᠣᠷ ᠎ ᠤᠨ ᠳᠤᠲᠠᠭᠤᠳᠠᠯ ᠨᠢ ᠬᠥᠳᠡᠭᠡ ᠲᠣᠰᠬᠤᠨ ᠳᠤ ᠪᠤᠶ᠃ ᠪᠢᠳᠡ 3 ᠵᠢᠯ ᠤᠨ ᠬᠤᠭᠤᠴᠠᠭᠠᠨ ᠳᠤ ᠥᠪᠥᠷ ᠮᠣᠩᠭᠤᠯ ᠤᠨ ᠵᠡᠭᠦᠨ ᠬᠡᠰᠡᠭ ᠤᠨ ᠭᠠᠵᠠᠷ ᠣᠷᠣᠨ ᠤ ᠬᠥᠳᠡᠭᠡ ᠲᠣᠰᠬᠤᠨ᠂ ᠮᠠᠯᠵᠢᠬᠤ ᠣᠷᠣᠨ ᠤ ᠴᠠᠭᠢᠯᠭᠠᠨ ᠤ ᠲᠣᠣᠷ ᠤᠨ ᠰᠠᠭᠤᠷᠢ ᠲᠥᠬᠦᠭᠡᠷᠦᠮᠵᠢ ᠶᠢᠨ ᠭᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠪᠦᠭᠦ ᠲᠠᠯ᠎ᠠ ᠪᠠᠷ ᠠᠬᠢᠭᠤᠯᠵᠤ᠂ ᠴᠠᠭᠢᠯᠭᠠᠨ ᠬᠠᠩᠭᠠᠬᠤ ᠶᠠᠰᠤ ᠴᠢᠨᠠᠷ ᠪᠠ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠦᠨ᠎ᠡ︾ ᠭᠡᠵᠦ ᠤᠯᠤᠰ ᠤᠨ ᠴᠠᠭᠢᠯᠭᠠᠨ ᠲᠣᠣᠷ ᠤᠨ ᠥᠪᠥᠷ ᠮᠣᠩᠭᠤᠯ ᠤᠨ ᠵᠡᠭᠦᠨ ᠪᠡᠶ᠎ᠡ ᠶᠢᠨ ᠴᠠᠭᠢᠯᠭᠠᠨ ᠬᠦᠴᠦᠨ ᠤ ᠺᠤᠮᠫᠠᠨᠢ ᠶᠢᠨ ᠴᠠᠭᠢᠯᠭᠠᠨ ᠲᠦᠭᠡᠭᠡᠬᠦ ᠲᠣᠣᠷ ᠎ ᠤᠨ ᠪᠦᠲᠦᠭᠡᠨ ᠪᠠᠶᠢᠭᠤᠯᠬᠤ ᠬᠡᠯᠲᠡᠰ ᠤᠨ ᠡᠷᠭᠢᠯᠡᠭᠴᠢ ᠵᠧᠦ ᠵᠢᠶᠠᠨ ᠭᠦᠩ ᠲᠠᠨᠢᠯᠴᠠᠭᠤᠯᠵᠤ ᠭᠠᠷᠤᠯ᠎ᠠ᠃
 
ᠢᠷᠡᠯᠲᠡ᠄ ᠲᠤᠮᠲᠠᠲᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号