ᠭᠦᠭᠡᠬᠤᠲᠠ ᠶᠢᠨ 3200 ᠨᠡᠷᠡᠰ ᠲᠦᠷᠭᠡᠨ ᠬᠦᠷᠭᠡᠭᠴᠢ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠤ ᠤᠬᠠᠭᠤᠯᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/12/11
ᠭᠦᠭᠡᠬᠤᠲᠠ ᠶᠢᠨ 3200 ᠨᠡᠷᠡᠰ ᠲᠦᠷᠭᠡᠨ ᠬᠦᠷᠭᠡᠭᠴᠢ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠤ ᠤᠬᠠᠭᠤᠯᠭ᠎ᠠ ᠥᠷᠨᠢᠭᠦᠯᠪᠡᠣᠶᠢᠷ᠎ᠠ ᠳᠤ᠂ ᠭᠦᠭᠡᠬᠤᠲᠠ ᠶᠢᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠰᠠᠯᠪᠤᠷᠢ ᠠᠩᠭᠢ ᠶᠢᠨ ᠎ ᠬᠢᠨ ᠮᠧᠢ ᠲᠤᠸᠠᠨ ᠺᠤᠮᠫᠠᠨᠢ ᠲᠠᠢ ᠬᠠᠮᠲᠤᠷᠠᠯᠴᠠᠵᠤ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠤ ᠤᠬᠠᠭᠤᠯᠭ᠎ᠠ ᠥᠷᠨᠢᠭᠦᠯᠵᠦ᠂ 3200 ᠨᠡᠷᠡᠰ ᠲᠦᠷᠭᠡᠨ ᠬᠦᠷᠭᠡᠭᠴᠢ ᠡᠳᠦᠷ ᠲᠤ 80000 ᠵᠠᠬᠢᠶᠠᠯᠠᠭ᠎ᠠ ᠶᠢᠨ ᠬᠤᠭᠤᠯᠠ ᠬᠦᠷᠭᠡᠵᠦ᠂ ᠠᠶᠢᠯ ᠡᠷᠦᠭᠡ ᠪᠠᠷ ᠶᠠᠪᠤᠬᠤ ᠲᠠᠰᠢᠷᠠᠮ ᠳᠤ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠤ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ᠂ ᠵᠢᠵᠢᠭ ᠪᠡᠯᠡᠭ ᠬᠦᠷᠭᠡᠬᠦ ᠪᠠᠷ ᠳᠠᠮᠵᠢᠭᠤᠯᠤᠨ ︽ᠠᠮᠤᠷ ᠲᠦᠪᠰᠢᠨ ᠢ ᠬᠠᠮᠠᠭᠠᠯᠠᠬᠤ᠂ ᠬᠥᠮᠥᠨ ᠪᠦᠭᠦᠨ ᠭᠠᠯ ᠰᠡᠷᠭᠡᠶᠢᠯᠡᠬᠦ︾ ᠠᠭᠤᠷ ᠠᠮᠢᠰᠬᠤᠯ ᠢ ᠪᠤᠢ ᠪᠣᠯᠭᠠᠪᠠ᠃ ᠣᠶᠢᠯᠠᠭᠠᠭᠰᠠᠨ ᠢᠶᠠᠷ᠂ ᠭᠦᠭᠡᠬᠤᠲᠠ ᠶᠢᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠰᠠᠯᠪᠤᠷᠢ ᠠᠩᠭᠢ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠤ ᠤᠬᠠᠭᠤᠯᠭ᠎ᠠ ᠶᠢᠨ ᠰᠠᠷ᠎ᠠ ᠳᠤ ᠤᠬᠠᠭᠤᠯᠭ᠎ᠠ ᠶᠢᠨ ᠬᠠᠮᠤᠷᠬᠤ ᠬᠡᠪᠴᠢᠶ᠎ᠡ ᠪᠠ ᠨᠥᠯᠥᠭᠡᠯᠡᠬᠦ ᠬᠦᠴᠦᠨ ᠢ ᠤᠯᠠᠮ ᠨᠢᠭᠡ ᠠᠯᠬᠤᠮ ᠥᠷᠭᠡᠳᠬᠡᠬᠦ ᠶᠢᠨ ᠲᠥᠯᠥᠭᠡ᠂ ᠵᠠᠬᠢᠶᠠᠯᠠᠭ᠎ᠠ ᠶᠢᠨ ᠬᠤᠭᠤᠯᠠ ᠬᠦᠷᠭᠡᠬᠦ ᠠᠵᠢᠯ ᠲᠥᠷᠥᠯ ᠤᠨ ᠳᠠᠪᠠᠭᠤᠯᠢᠭ ᠢ ᠭᠦᠢᠴᠡᠳ ᠠᠰᠢᠭᠯᠠᠨ᠂ ︽ᠵᠢᠵᠢᠭ ᠪᠣᠭᠤᠳᠠᠯ︾᠎ ᠢᠶᠠᠷ ᠳᠠᠮᠵᠢᠭᠤᠯᠤᠨ ︽ᠶᠡᠭᠡ ᠠᠮᠤᠷ ᠲᠦᠪᠰᠢᠨ︾᠎ ᠢ ᠬᠠᠮᠠᠭᠠᠯᠠᠵᠤ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢ ᠲᠦᠭ ᠲᠦᠮᠡᠨ ᠠᠶᠢᠯ ᠡᠷᠦᠭᠡ ᠳᠤ ᠬᠦᠷᠭᠡᠪᠡ᠃ ᠡᠭᠦᠨ ᠳᠤ 3200 ᠨᠡᠷᠡᠰ ᠲᠦᠷᠭᠡᠨ ᠬᠦᠷᠭᠡᠭᠴᠢ ᠬᠤᠭᠤᠯᠠ ᠬᠦᠷᠭᠡᠬᠦ ᠬᠠᠶᠢᠷᠴᠠᠭ ᠳᠡᠭᠡᠷ᠎ᠡ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠤ ᠤᠬᠠᠭᠤᠯᠭ᠎ᠠ ᠶᠢᠨ ᠬᠠᠭᠤᠳᠠᠰᠤ ᠨᠠᠭᠠᠵᠤ᠂ ᠬᠤᠭᠤᠯᠠ ᠬᠤᠳᠠᠯᠳᠤᠨ ᠠᠪᠬᠤ ᠵᠢᠵᠢᠭ ᠪᠢᠯᠧᠲ ᠳᠡᠭᠡᠷ᠎ᠡ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠤ ᠰᠠᠨᠠᠭᠤᠯᠤᠮᠵᠢ ᠶᠢ ᠳᠠᠷᠤᠮᠠᠯᠯᠠᠬᠤ ᠶᠢᠨ ᠬᠠᠮᠲᠤ ᠪᠣᠷᠣᠭᠠᠨ ᠤ ᠰᠢᠬᠦᠷ᠂ ᠲᠦᠯᠬᠢᠭᠦᠷ ᠤᠨ ᠡᠯᠭᠦᠭᠦᠷ ᠵᠡᠷᠭᠡ ᠵᠢᠵᠢᠭ ᠪᠡᠯᠡᠭ ᠢ ᠵᠣᠬᠢᠬᠤ ᠬᠡᠮᠵᠢᠶ᠎ᠡ ᠪᠠᠷ ᠬᠦᠷᠭᠡᠵᠦ᠂ ᠣᠯᠠᠨ ᠲᠦᠮᠡᠨ ᠤ ᠦᠨᠡᠨ ᠬᠦ ᠭᠠᠯ ᠰᠡᠷᠭᠡᠶᠢᠯᠡᠵᠦ ᠭᠠᠯ ᠤᠨᠲᠠᠷᠠᠭᠠᠬᠤ ᠶᠡᠷᠦ ᠶᠢᠨ ᠮᠡᠳᠡᠯᠭᠡ ᠶᠢ ︽ᠰᠤᠷᠴᠤ ᠣᠶᠢᠯᠠᠭᠠᠨ ᠤᠯᠠᠮᠵᠢᠯᠠᠬᠤ︾᠎ ᠶᠢ ᠪᠡᠶᠡᠯᠡᠭᠦᠯᠵᠡᠢ᠃ ᠡᠭᠦᠨ ᠠᠴᠠ ᠭᠠᠳᠠᠨ᠎ᠠ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠰᠠᠯᠠᠭ᠎ᠠ ᠮᠥᠴᠢᠷ ᠪᠠᠰᠠ ᠮᠧᠢ ᠲᠤᠸᠠᠨ ᠪᠠᠷᠠᠭ᠎ᠠ ᠬᠠᠳᠠᠭᠠᠯᠠᠬᠤ ᠠᠵᠤ ᠠᠬᠤᠶᠢᠯᠠᠯ ᠳᠤ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠤ ᠪᠣᠯᠪᠠᠰᠤᠷᠠᠯ ᠥᠷᠨᠢᠭᠦᠯᠵᠦ᠂ ᠲᠡᠳᠡᠨᠡᠷ ᠤᠨ ᠭᠠᠯ ᠤᠨ ᠠᠶᠤᠯ ᠢ ᠰᠡᠷᠭᠡᠶᠢᠯᠡᠬᠦ ᠪᠠ ᠠᠷᠭᠠᠴᠠᠭᠠᠬᠤ ᠴᠢᠳᠠᠪᠤᠷᠢ ᠶᠢ ᠳᠡᠭᠡᠭᠰᠢᠯᠡᠭᠦᠯᠵᠦ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠤ ᠤᠬᠠᠭᠤᠯᠭ᠎ᠠ ᠶᠢᠨ ᠬᠠᠮᠤᠷᠬᠤ ᠬᠡᠪᠴᠢᠶ᠎ᠡ ᠶᠢ ᠥᠷᠭᠡᠳᠬᠡᠪᠡ᠃  
 
ᠢᠷᠡᠯᠲᠡ᠄ ᠲᠤᠮᠲᠠᠲᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号