ᠮᠠᠨ ᠤ ᠣᠷᠣᠨ ᠪᠦᠳᠤᠮᠵᠢᠳᠠᠢ ᠠᠷᠭ᠎ᠠ ᠬᠡᠮᠵᠢᠶ᠎ᠡ ᠠᠪᠴᠤ ᠶᠠᠰᠤ ᠴᠢᠨᠠᠷ ᠤᠨ ᠪᠦᠬᠦᠯᠢ ᠴᠣᠭᠴᠠ ᠶᠢᠨ ᠲᠦᠪᠰᠢᠨ ᠢ | ᠳᠡᠭᠡᠭᠰᠢᠯᠡᠭᠦᠯᠵᠤ ᠪᠠᠶᠢᠨ᠎ᠠ | ᠮᠠᠨ ᠤ ᠣᠷᠣᠨ ᠪᠦᠳᠤᠮᠵᠢᠳᠠᠢ ᠠᠷᠭ᠎ᠠ ᠬᠡᠮᠵᠢᠶ᠎ᠡ ᠠᠪᠴᠤ᠂ ᠶᠠᠰᠤ ᠴᠢᠨᠠᠷ ᠢᠶᠠᠷ ᠣᠷᠣᠨ ᠢᠶᠠᠨ ᠬᠦᠴᠦᠷᠬᠡᠭᠵᠢᠭᠦᠯᠬᠦ | ᠪᠠᠶᠢᠯᠳᠤᠬᠤ ᠪᠣᠳᠣᠯᠭ᠎ᠠ ᠶᠢ ᠯᠠᠪᠳᠠᠭᠤᠨ ᠪᠠᠲᠤᠲᠠᠢ ᠠᠬᠢᠭᠤᠯᠵᠤ᠂ ᠶᠠᠰᠤ ᠴᠢᠨᠠᠷ ᠢ ᠳᠡᠭᠡᠭᠰᠢᠯᠡᠭᠦᠯᠭᠦ ᠠᠵᠢᠯᠯᠠᠭ᠎ᠠ ᠶᠢ | ᠦᠷᠭᠦᠯᠵᠢᠯᠡᠨ ᠭᠦᠨᠵᠡᠭᠡᠶᠢᠷᠡᠭᠦᠯᠵᠦ᠂ ᠪᠦᠭᠦ ᠣᠷᠣᠨ ᠤ ᠶᠠᠰᠤ ᠴᠢᠨᠠᠷ ᠤᠨ ᠪᠦᠬᠦᠯᠢ ᠴᠣᠭᠴᠠ ᠶᠢᠨ ᠲᠦᠪᠰᠢᠨ | ᠲᠣᠭᠲᠠᠭᠤᠨ ᠤ ᠳᠤᠮᠳᠠ ᠳᠡᠭᠡᠭᠰᠢᠯᠡᠨ᠂ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠨᠠᠩ | ᠴᠢᠩᠭᠠᠷᠠᠵᠤ᠂ ᠶᠠᠰᠤ ᠴᠢᠨᠠᠷ ᠤᠨ ᠰᠠᠭᠤᠷᠢ ᠲᠥᠬᠦᠭᠡᠷᠦᠮᠵᠢ ᠰᠢᠨ᠎ᠡ ᠲᠦᠪᠰᠢᠨ ᠳᠤ ᠭᠦᠷᠪᠡ᠃ | ᠡᠨᠡ ᠵᠢᠯ ᠠᠴᠠ ᠨᠠᠭᠠᠰᠢ᠂ ᠮᠠᠨ ᠤ ᠣᠷᠣᠨ ︽ᠶᠠᠰᠤ ᠴᠢᠨᠠᠷ ᠢᠶᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ | ᠪᠠᠶᠢᠭᠤᠯᠤᠯᠲᠠ ᠶᠢᠨ ᠬᠥᠲᠥᠯᠪᠦᠷᠢ︾ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠣᠷᠳᠣᠨ ︽ᠶᠠᠰᠤ ᠴᠢᠨᠠᠷ ᠢᠶᠠᠷ ᠣᠷᠣᠨ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠶᠢᠨ | ᠬᠥᠲᠥᠯᠪᠦᠷᠢ︾ ᠶᠢ ᠢᠯᠡ ᠪᠠᠷ ᠨᠡᠶᠢᠲᠡᠯᠡᠵᠦ᠂ ᠶᠠᠰᠤ ᠴᠢᠨᠠᠷ ᠤᠨ ᠠᠵᠢᠯ ᠢ ᠵᠠᠰᠠᠭ ᠤᠨ ᠣᠷᠳᠣᠨ ᠤ ᠠᠵᠢᠯ ᠤᠨ | ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠰᠢᠰᠲ᠋ᠧᠮ ᠳᠤ ᠣᠷᠣᠭᠤᠯᠪᠠ᠃ ᠥᠪᠡᠷᠲᠡᠭᠡᠨ ᠵᠠᠰᠠᠬᠤ ᠣᠷᠣᠨ ᠤ 3 | ᠠᠵᠤ ᠠᠬᠤᠶᠢᠯᠠᠯ ᠳᠤᠮᠳᠠᠳᠤ ᠤᠯᠤᠰ ᠤᠨ ᠶᠠᠰᠤ ᠴᠢᠨᠠᠷ ᠤᠨ ᠱᠠᠩᠨᠠᠯ ᠤᠨ ᠨᠡᠷ᠎ᠡ ᠳᠤᠷᠠᠳᠤᠭᠰᠠᠨ ᠱᠠᠩᠨᠠᠯ ᠢ ᠬᠦᠷᠲᠡᠵᠦ | ᠂ ᠲᠤᠭ᠎ᠠ ᠬᠡᠮᠵᠢᠶ᠎ᠡ ᠨᠢ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠴᠡᠢ᠃ ᠪᠦᠭᠦ ᠣᠷᠣᠨ ᠤ ᠦᠢᠯᠡᠳᠬᠦ ᠦᠢᠯᠡᠰ ᠤᠨ | ᠦᠢᠯᠡᠳᠬᠦᠨ ᠤ ᠶᠠᠰᠤ ᠴᠢᠨᠠᠷ ᠤᠨ ᠬᠢᠷᠢ ᠲᠡᠩᠴᠡᠭᠰᠡᠨ ᠨᠣᠷᠮ᠎ᠠ᠂ ᠬᠡᠷᠡᠭᠯᠡᠭᠡᠨ ᠤ ᠵᠦᠢᠯ ᠤᠨ ᠶᠠᠰᠤ ᠴᠢᠨᠠᠷ ᠤᠨ ᠬᠢᠷᠢ | ᠲᠡᠩᠴᠡᠭᠰᠡᠨ ᠨᠣᠷᠮ᠎ᠠ᠂ ᠣᠯᠠᠨ ᠨᠡᠶᠢᠲᠡ ᠶᠢᠨ ᠦᠢᠯᠡᠴᠢᠯᠡᠭᠡᠨ ᠤ ᠶᠠᠰᠤ ᠴᠢᠨᠠᠷ ᠤᠨ ᠶᠡᠷᠦᠩᠬᠡᠢ ᠬᠠᠨᠤᠮᠵᠢ ᠶᠢᠨ | ᠬᠡᠮᠵᠢᠶ᠎ᠡ ᠲᠣᠰ ᠲᠣᠰ 93.42%᠂ 88.87%᠂ 80.61% ᠳᠤ ᠭᠦᠷᠪᠡ; ᠶᠠᠰᠤ ᠴᠢᠨᠠᠷ ᠤᠨ ᠠᠮᠤᠷ | ᠲᠦᠪᠰᠢᠨ ᠤ ᠬᠢᠨᠠᠯᠲᠠ ᠬᠠᠮᠢᠶᠠᠷᠤᠯᠲᠠ ᠶᠢ ᠨᠠᠩ ᠴᠢᠩᠭᠠᠳᠬᠠᠵᠤ᠂ ᠪᠦᠭᠦ ᠵᠢᠯ ᠳᠤ 26532 ᠠᠵᠤ ᠠᠬᠤᠶᠢᠯᠠᠯ ᠢ | ᠵᠢᠭᠰᠠᠭᠠᠨ ᠪᠠᠶᠢᠴᠠᠭᠠᠵᠤ᠂ 3150 ᠪᠦᠯᠦᠭ ᠤᠳᠠᠭ᠎ᠠ ᠶᠢᠨ ᠦᠢᠯᠡᠳᠬᠦᠨ ᠳᠤ ᠬᠢᠨᠠᠯᠲᠠ ᠲᠠᠯᠪᠢᠵᠤ ᠰᠤᠭᠤᠴᠢᠨ | ᠪᠠᠶᠢᠴᠠᠭᠠᠬᠤ ᠶᠢ ᠪᠡᠶᠡᠯᠡᠭᠦᠯᠵᠦ᠂ 1.4 ᠲᠦᠮᠡᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠳᠤ ᠰᠤᠭᠤᠴᠢᠨ | ᠪᠠᠶᠢᠴᠠᠭᠠᠯᠲᠠ ᠬᠢᠪᠡ᠃ ᠪᠠᠷᠢᠯᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠭᠦ ᠲᠠᠯ᠎ᠠ ᠪᠠᠷ᠂ 958 ᠪᠠᠶᠢᠭᠤᠯᠵᠤ ᠪᠠᠶᠢᠭ᠎ᠠ | ᠪᠠᠷᠢᠯᠭ᠎ᠠ ᠶᠢᠨ ᠲᠥᠷᠥᠯ ᠵᠦᠢᠯ᠂ 26 ᠵᠠᠮ ᠬᠠᠷᠢᠯᠴᠠᠭᠠᠨ ᠤ ᠲᠥᠷᠥᠯ ᠵᠦᠢᠯ ᠢ ᠵᠢᠭᠰᠠᠭᠠᠨ ᠪᠠᠶᠢᠴᠠᠭᠠᠪᠠ᠃ | ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠭᠦ ᠲᠠᠯ᠎ᠠ ᠪᠠᠷ᠂ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ | ᠲᠤᠰᠬᠠᠢ ᠴᠡᠭᠴᠡᠯᠡᠨ ᠵᠠᠰᠠᠯᠲᠠ ᠶᠢ ᠥᠷᠨᠢᠭᠦᠯᠵᠦ᠂ ᠣᠨᠴᠠᠯᠢᠭᠲᠤ ᠰᠣᠶᠣᠯ ᠵᠢᠭᠤᠯᠴᠢᠯᠠᠯ ᠤᠨ ᠨᠡᠷᠡᠲᠦ ᠲᠥᠷᠥᠯ | ᠲᠡᠮᠳᠡᠭᠲᠦ ᠶᠢ ᠪᠤᠢ ᠪᠤᠯᠭᠠᠵᠤ᠂ ᠵᠢᠭᠤᠯᠴᠢᠯᠠᠯ ᠤᠨ ᠣᠷᠣᠯᠭ᠎ᠠ ᠶᠢ 3066 ᠳ᠋ᠦᠩᠰᠢᠭᠤᠷ ᠲᠥᠭᠦᠷᠢᠭ ᠪᠡᠶᠡᠯᠡᠭᠦᠯᠪᠡ; | ᠶᠠᠰᠤ ᠴᠢᠨᠠᠷ ᠤᠨ ᠰᠠᠭᠤᠷᠢ ᠲᠥᠬᠦᠭᠡᠷᠦᠮᠵᠢ ᠰᠢᠨ᠎ᠡ ᠲᠦᠪᠰᠢᠨ ᠳᠤ ᠬᠦᠷᠴᠦ᠂ ︽ᠥᠪᠥᠷ ᠮᠣᠩᠭᠤᠯ ᠤᠨ | ᠰᠦᠯᠵᠢᠶᠡᠨ ᠳᠡᠭᠡᠷᠡᠬᠢ ᠬᠢᠨᠠᠨ ᠪᠠᠶᠢᠴᠠᠭᠠᠯᠲᠠ︾ ᠶᠢᠨ ᠲᠠᠪᠴᠠᠩ ᠢ ᠲᠡᠭᠦᠯᠳᠡᠷᠵᠢᠭᠦᠯᠵᠦ᠂ 4613 ᠳᠤᠮᠳᠠ ᠪᠠᠭ᠎ᠠ | ᠠᠵᠤ ᠠᠬᠤᠶᠢᠯᠠᠯ ᠰᠦᠯᠵᠢᠶᠡᠨ ᠳᠡᠭᠡᠷ᠎ᠡ ᠠᠵᠢᠯᠯᠠᠭᠤᠯᠵᠤ᠂ 1438 ᠵᠦᠢᠯ ᠤᠨ ᠪᠠᠶᠢᠴᠠᠭᠠᠨ ᠰᠢᠯᠭᠠᠬᠤ | ᠦᠢᠯᠡᠴᠢᠯᠡᠭᠡ ᠬᠠᠩᠭᠠᠵᠤ᠂ ᠪᠠᠶᠢᠴᠠᠭᠠᠨ ᠰᠢᠯᠭᠠᠭᠰᠠᠨ ᠮᠡᠳᠡᠭᠦᠯᠦᠯᠲᠡ 1102 ᠬᠤᠪᠢ ᠭᠠᠷᠭᠠᠪᠠ᠃ 15 ᠵᠢᠱᠢᠶ᠎ᠡ | ᠦᠵᠡᠭᠦᠯᠭᠦ ᠴᠣᠩᠬᠤᠪᠴᠢ ᠪᠠ 3 ᠲᠥᠪᠯᠡᠷᠡᠯ ᠦᠢᠯᠡᠴᠢᠯᠡᠭᠡᠨ ᠤ ᠰᠠᠭᠤᠷᠢᠨ ᠢ ᠪᠠᠶᠢᠭᠤᠯᠵᠤ᠂ ︽ᠨᠢᠭᠡ | ᠥᠷᠲᠡᠭᠡᠴᠢᠯᠡᠭᠰᠡᠨ ᠮᠠᠶ᠋ᠢᠭ︾ ᠤᠨ ᠦᠢᠯᠡᠴᠢᠯᠡᠭᠡ ᠶᠢ ᠬᠦᠷᠢᠶᠡᠯᠡᠩ ᠲᠣᠭᠤᠷᠢᠭ᠂ ᠠᠵᠤ ᠠᠬᠤᠶᠢᠯᠠᠯ ᠳᠤ | ᠤᠷᠤᠭᠤᠯᠬᠤ ᠶᠢ ᠠᠬᠢᠭᠤᠯᠵᠤ᠂ 44761 ᠠᠵᠤ ᠠᠬᠤᠶᠢᠯᠠᠯ ᠳᠤ ᠦᠢᠯᠡᠴᠢᠯᠡᠭᠡ ᠬᠦᠷᠲᠡᠭᠡᠵᠦ᠂ 7273 | ᠮᠡᠷᠭᠡᠵᠢᠯ ᠤᠨ ᠬᠦᠴᠢᠷ ᠠᠰᠠᠭᠤᠳᠠᠯ ᠢ ᠰᠢᠢᠳᠪᠦᠷᠢᠯᠡᠨ᠂ 7154 ᠲᠦᠮᠡᠨ ᠲᠥᠭᠦᠷᠢᠭ ᠤᠨ ᠵᠠᠷᠤᠳᠠᠯ ᠢ ᠬᠠᠰᠤᠵᠤ | ᠬᠡᠯᠲᠦᠷᠢᠭᠦᠯᠬᠦ ᠶᠢᠨ ᠬᠠᠮᠲᠤ ᠥᠪᠡᠷ ᠤᠨ ᠥᠷᠲᠡᠭ ᠢ ᠠᠷᠪᠢᠯᠠᠪᠠ᠃ ᠦᠢᠯᠡᠴᠢᠯᠡᠭᠡᠨ ᠤ ᠴᠢᠳᠠᠪᠤᠷᠢ ᠶᠢ | ᠳᠡᠭᠡᠭᠰᠢᠯᠡᠭᠦᠯᠭᠦ ᠲᠠᠯ᠎ᠠ ᠪᠠᠷ᠂ ᠤᠯᠤᠰ ᠤᠨ ᠴᠠᠭᠠᠨ ᠢᠳᠡᠭᠡᠨ ᠤ ᠬᠡᠮᠵᠢᠯᠲᠡ ᠶᠢᠨ ᠰᠢᠯᠭᠠᠨ ᠪᠠᠶᠢᠴᠠᠭᠠᠯᠲᠠ᠂ | ᠰᠦ ᠶᠢᠨ ᠦᠢᠯᠡᠰ ᠤᠨ ᠮᠡᠳᠡᠯᠭᠡ ᠶᠢᠨ ᠦᠮᠴᠢᠯᠡᠯ ᠤᠨ ᠡᠷᠬᠡ ᠶᠢᠨ ᠡᠵᠡᠩᠨᠡᠯᠲᠡ ᠶᠢᠨ ᠲᠥᠪ ᠢ ᠪᠠᠶᠢᠭᠤᠯᠪᠠ᠃ ︽ | ᠨᠡᠭᠦᠷᠡᠰᠦᠲᠥ᠋ᠷᠥᠭᠴᠢ ᠦᠭᠡᠢ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠵᠢᠷᠤᠮᠵᠢᠯ︾᠂ ︽ | ᠨᠡᠭᠦᠷᠡᠰᠦᠲᠥ᠋ᠷᠥᠭᠴᠢ ᠦᠭᠡᠢ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠬᠡᠮᠵᠢᠯᠲᠡ ᠶᠢᠨ ᠦᠨᠡᠯᠡᠯᠲᠡ ᠶᠢᠨ | ᠵᠢᠷᠤᠮᠵᠢᠯ︾᠂ ︽ᠪᠣᠬᠢᠷᠳᠤᠯ ᠦᠭᠡᠢ ᠴᠠᠭᠢᠯᠭᠠᠨ ᠬᠦᠴᠦᠨ ᠤ ᠬᠡᠷᠡᠭᠯᠡᠭᠡᠨ ᠤ ᠦᠨᠡᠯᠡᠯᠲᠡ ᠶᠢᠨ ᠠᠷᠭ᠎ᠠ︾ ᠶᠢ | ᠨᠡᠶᠢᠲᠡᠯᠡᠵᠦ ᠤᠯᠤᠰ ᠤᠨ ᠳᠣᠲᠣᠭᠠᠳᠤ ᠶᠢᠨ ᠬᠤᠯᠪᠣᠭᠳᠠᠯ ᠪᠦᠬᠦᠢ ᠬᠦᠷᠢᠶᠡᠨ ᠤ ᠬᠤᠭᠤᠰᠤᠨ ᠢ ᠨᠥᠬᠦᠪᠦᠷᠢᠯᠡᠪᠡ᠃ |