︽ᠬᠠᠪᠰᠤᠷᠤᠨ ᠬᠥᠢᠴᠡᠳᠭᠡᠬᠦ ᠤᠷᠤᠯᠠᠨ ᠬᠥᠢᠴᠡᠳᠭᠡᠬᠦ︾ ᠥᠢᠯᠡᠴᠢᠯᠡᠭᠡ ᠤᠯᠠᠮ ᠰᠢᠯᠢᠲᠡᠭᠵᠢᠯ᠎ᠠ
ᠨᠡᠶᠢᠲᠡᠯᠡᠭᠰᠡᠨ ᠴᠠᠭ᠄
2023/12/11
︽ᠬᠠᠪᠰᠤᠷᠤᠨ ᠬᠥᠢᠴᠡᠳᠭᠡᠬᠦ ᠤᠷᠤᠯᠠᠨ ᠬᠥᠢᠴᠡᠳᠭᠡᠬᠦ︾ ᠥᠢᠯᠡᠴᠢᠯᠡᠭᠡ ᠤᠯᠠᠮ ᠰᠢᠯᠢᠲᠡᠭᠵᠢᠯ᠎ᠠ︽ᠬᠠᠪᠰᠤᠷᠤᠨ ᠬᠥᠢᠴᠡᠳᠭᠡᠬᠦ ᠤᠷᠤᠯᠨᠨ ᠬᠥᠢᠴᠡᠳᠭᠡᠬᠦ︾ ᠥᠢᠯᠡᠴᠢᠯᠡᠭᠡ ᠪᠤᠯ ᠡᠷᠢᠶᠠᠨ ᠬᠤᠲᠠ ᠶᠢᠨ ᠤᠯᠠᠨ ᠲᠥᠮᠡᠨ ᠤ ᠪᠠᠴᠢᠮ ᠲᠤᠯᠭᠠᠮ ᠠᠰᠠᠭᠤᠲᠠᠯ ᠢ ᠰᠶᠢᠳᠪᠤᠷᠢᠯᠡᠬᠦ ᠲᠤᠮᠲᠠ ᠲᠡᠯᠭᠡᠷᠡᠬᠦᠯᠥᠭᠰᠡᠨ ᠪᠥᠲᠥᠮᠵᠢᠲᠡᠢ ᠠᠷᠭ᠎ᠠ ᠬᠡᠮᠵᠢᠶ᠎ᠠ ᠪᠤᠯᠤᠨ᠎ᠠ᠂ ᠤᠲᠤᠬᠠᠨ ᠡᠷᠢᠶᠠᠨ ᠬᠤᠲᠠ ᠶᠢᠨ ᠵᠠᠰᠠᠭ ᠤᠨ ᠶᠠᠪᠤᠲᠠᠯ ᠤᠨ ᠥᠢᠯᠡᠴᠢᠯᠡᠭᠡᠨ ᠤ ᠲᠥᠪ ᠵᠢᠴᠢ ᠡᠯ᠎ᠠ ᠨᠡᠶᠢᠭᠡᠮ ᠲᠤᠭᠤᠷᠢᠭ ᠤᠨ ᠠᠷᠠᠳ ᠲᠤ ᠲᠥᠭᠦᠮ ᠥᠵᠡᠬᠦᠯᠬᠦ ᠲᠢᠩᠭᠢᠮ ᠳᠤ ᠡᠲᠥᠷ ᠪᠥᠷᠢ ᠬᠠᠪᠰᠤᠷᠤᠯᠭ᠎ᠠ ᠲᠤᠰᠠᠯᠠᠮᠵᠢ ᠭᠤᠶᠤᠴᠢᠯᠠᠬᠤ ᠰᠠᠭᠤᠭᠠᠯᠢ ᠠᠷᠠᠳ ᠲᠠᠰᠤᠷᠠᠬᠤ ᠥᠭᠡᠢ ᠪᠠᠶᠢᠲᠠᠯ ᠳᠤ ︽ᠬᠠᠪᠰᠤᠷᠤᠨ ᠬᠥᠢᠴᠡᠳᠭᠡᠬᠦ ᠤᠷᠤᠯᠠᠨ ᠬᠥᠢᠴᠡᠳᠭᠡᠬᠦ︾ ᠠᠵᠢᠯᠲᠠᠳ ᠠᠴᠠ ᠬᠠᠯᠠᠭᠤᠮᠰᠤᠭ ᠬᠥᠯᠢᠶᠡᠨ ᠠᠪᠬᠤ ᠪᠥᠭᠡᠳ ᠬᠥᠯᠢᠴᠡᠩᠭᠦᠢ ᠨᠢᠮᠪᠠᠢ ᠪᠠᠷ ᠠᠰᠠᠭᠤᠲᠠᠯ ᠪᠠ ᠬᠥᠴᠢᠷᠲᠡᠯ ᠢ ᠨᠢ ᠰᠶᠢᠳᠪᠤᠷᠢᠯᠡᠵᠥ ᠥᠭᠭᠦᠨ᠎ᠠ᠃ᠤᠶᠢᠷ᠎ᠠ ᠶᠢᠨ ᠡᠲᠥᠷ᠂ ᠨᠢᠭᠡᠨ ᠰᠠᠭᠤᠭᠠᠯᠢ ᠠᠷᠠᠳ ᠠᠴᠠ ᠡᠷᠢᠶᠠᠨ ᠬᠤᠲᠠ ᠶᠢᠨ ᠵᠠᠰᠠᠭ ᠤᠨ ᠶᠠᠪᠤᠲᠠᠯ ᠤᠨ ᠥᠢᠯᠡᠴᠢᠯᠡᠭᠡᠨ ᠤ ᠲᠢᠩᠭᠢᠮ ᠳᠤ ᠤᠲᠠᠰᠤ ᠢᠷᠡᠬᠦᠯᠵᠥ᠂ ᠨᠠᠰᠤᠵᠢᠯ ᠤᠨ ᠠᠰᠠᠷᠠᠮᠵᠢ ᠶᠢᠨ ᠬᠡᠷᠡᠴᠢᠯᠡᠯ ᠬᠥᠢᠴᠡᠳᠭᠡᠬᠦ ᠲᠤᠬᠠᠢ ᠬᠠᠮᠢᠶ᠎ᠠ ᠪᠥᠬᠦᠢ ᠵᠥᠢᠯᠡᠰ ᠢ ᠠᠰᠠᠭᠤᠨ ᠯᠠᠪᠯᠠᠭᠰᠠᠨ ᠪᠥᠭᠡᠳ ᠨᠠᠰᠤᠲᠠᠨ ᠨᠠᠰᠤ ᠠᠬᠢᠵᠥ᠂ ᠬᠥᠲᠡᠯᠵᠥ ᠪᠠᠷᠢᠬᠤ ᠳᠤ ᠲᠥᠭᠦᠮ ᠥᠭᠡᠢ ᠪᠤᠯᠬᠤᠷ ᠲᠤᠬᠠᠢ ᠶᠢᠨ ᠭᠠᠵᠠᠷ ᠲᠤᠨᠢ ᠬᠥᠢᠴᠡᠳᠭᠡᠵᠥ ᠲᠡᠶᠢᠯᠬᠦ ᠳᠤ ᠲᠥᠭᠦᠮ ᠥᠭᠡᠢ ᠭᠡᠵᠥ ᠲᠤᠲᠤᠷᠬᠠᠶᠢᠯᠠᠪᠠ᠃ ᠡᠨᠡ ᠪᠠᠶᠢᠲᠠᠯ ᠳᠤ ᠠᠵᠢᠯᠲᠠᠳ ᠲᠤᠬᠠᠢ ᠶᠢᠨ ᠨᠠᠰᠤᠲᠠᠨ ᠲᠠᠢ ᠪᠤᠯᠵᠤᠨ ᠭᠡᠷ ᠲᠤᠨᠢ ᠬᠥᠷᠴᠥ ᠨᠠᠰᠤᠵᠢᠯ ᠤᠨ ᠠᠰᠠᠷᠠᠮᠵᠢ ᠶᠢᠨ ᠬᠡᠷᠡᠴᠢᠯᠡᠯ ᠤᠨ ᠬᠠᠮᠢᠶ᠎ᠠ ᠪᠥᠬᠦᠢ ᠵᠥᠢᠯ ᠢ ᠬᠥᠢᠴᠡᠳᠭᠡᠨ ᠦᠭᠭᠦ ᠪᠠᠷ ᠪᠤᠯᠵᠠᠢ ᠃ ᠲᠤᠬᠠᠢ ᠶᠢᠨ ᠡᠲᠥᠷ᠂ ᠨᠡᠶᠢᠭᠡᠮ ᠤᠨ ᠲᠠᠭᠠᠳᠬᠠᠯ ᠤᠨ ᠠᠵᠢᠯᠲᠠᠨ ᠠᠴᠠ ᠨᠠᠰᠤᠲᠠᠨ ᠳᠤ ᠨᠠᠰᠤᠵᠢᠯ ᠤᠨ ᠠᠰᠠᠷᠠᠮᠵᠢ ᠶᠢᠨ ᠬᠡᠷᠡᠴᠢᠯᠡᠯ ᠢ ᠬᠥᠢᠴᠡᠳᠭᠡᠨ ᠥᠭᠭᠦᠭᠰᠡᠨ ᠪᠤᠯ ᠲᠤᠰ ᠬᠤᠲᠠ ᠶᠢᠨ ᠵᠠᠰᠠᠭ ᠵᠠᠬᠢᠷᠭᠠᠨ ᠤ ᠬᠢᠨᠡᠨ ᠵᠥᠪᠰᠢᠶᠡᠷᠡᠯ ᠪᠤᠯᠤᠨ ᠵᠠᠰᠠᠭ ᠤᠨ ᠶᠠᠪᠤᠲᠠᠯ ᠤᠨ ᠥᠢᠯᠡᠴᠢᠯᠡᠭᠡᠨ ᠤ ᠲᠤᠪᠴᠢᠶ᠎ᠠ᠂ ᠬᠥᠮᠥᠨ ᠤ ᠬᠥᠴᠥᠨ ᠤ ᠡᠬᠢ ᠪᠡᠶᠠᠯᠢᠭ ᠪᠤᠯᠤᠨ ᠨᠡᠶᠢᠭᠡᠮ ᠤᠨ ᠪᠠᠲᠤᠯᠠᠭ᠎ᠠ ᠶᠢᠨ ᠲᠤᠪᠴᠢᠶ᠎ᠠ ᠬᠤᠶᠠᠷ ᠰᠠᠯᠠᠭ᠎ᠠ ᠮᠥᠴᠢᠷ ᠤᠨ ᠠᠵᠢᠯᠲᠠᠳ ᠪᠠᠰᠠ ᠨᠠᠰᠤᠲᠠᠨ ᠢ ᠬᠠᠪᠰᠤᠷᠤᠨ ᠨᠠᠰᠤᠵᠢᠯ ᠤᠨ ᠮᠥᠡᠭᠭᠦ ᠶᠢᠨ ᠬᠡᠷᠡᠴᠢᠯᠡᠯ ᠢ ᠨᠢ ᠠᠮᠵᠢᠯᠲᠠᠲᠠᠢ ᠬᠥᠢᠴᠡᠳᠭᠡᠵᠥ ᠥᠭᠭᠦᠭᠰᠡᠨ ᠪᠠᠶᠢᠯ᠎ᠠ᠃ᠡᠷᠢᠶᠡᠨ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠪᠤᠯᠤᠨ ᠵᠠᠰᠠᠭ ᠤᠨ ᠶᠠᠪᠤᠲᠠᠯ ᠤᠨ ᠥᠢᠯᠡᠴᠢᠯᠡᠭᠡᠨ ᠤ ᠲᠤᠪᠴᠢᠶ᠎ᠠ ᠨᠢ ︽ᠬᠠᠪᠰᠤᠷᠤᠨ ᠬᠥᠢᠴᠡᠳᠭᠡᠬᠦ ᠤᠷᠤᠯᠠᠨ ᠬᠥᠢᠴᠡᠳᠭᠡᠬᠦ︾ ᠥᠢᠯᠡᠴᠢᠯᠡᠭᠡ ᠶᠢ ᠢᠲᠡᠪᠬᠢᠲᠡᠢ ᠬᠠᠶᠢᠨ ᠰᠥᠪᠡᠭᠴᠢᠯᠡᠵᠥ᠂ ᠤᠯᠠᠨ ᠲᠥᠮᠡᠨ ᠤ ᠬᠥᠢᠴᠡᠳᠭᠡᠬᠦ ᠲᠡᠶᠢᠯᠬᠦ ᠥᠭᠡᠢ᠂ ᠬᠥᠢᠴᠡᠳᠭᠡᠬᠦ ᠳᠤ ᠲᠥᠭᠦᠮ ᠥᠭᠡᠢ᠂ ᠬᠥᠢᠴᠡᠳᠭᠡᠵᠥ ᠴᠢᠲᠠᠬᠤ ᠥᠭᠡᠢ ᠶᠠᠪᠤᠲᠠᠯ ᠢ ᠴᠢᠷᠮᠠᠶᠢᠨ ᠰᠶᠢᠳᠪᠤᠷᠢᠯᠡᠵᠥ ᠪᠤᠢ᠃ ᠡᠬᠦᠨ ᠤ ᠬᠠᠮᠲᠤ ᠬᠤᠯᠪᠤᠭᠲᠠᠯ ᠪᠥᠬᠦᠢ ᠤᠯᠠᠨ ᠰᠠᠯᠠᠭ᠎ᠠ ᠮᠥᠴᠢᠷ ᠬᠠᠮᠵᠢᠯᠴᠠᠨ ᠬᠥᠲᠡᠯᠵᠥ ᠪᠠᠷᠢᠬᠤ ᠳᠤ ᠲᠥᠭᠦᠮ ᠥᠭᠡᠢ ᠭᠤᠤᠨᠢ ᠭᠠᠭᠴᠠᠭᠠᠷ᠂ ᠥᠨᠲᠤᠷ ᠨᠠᠰᠤᠲᠠᠨ ᠵᠢᠴᠢ ᠵᠡᠮᠲᠡᠭᠴᠤᠤᠯ ᠵᠡᠷᠭᠡ ᠤᠨᠴᠠᠭᠠᠢ ᠬᠥᠮᠥᠰ ᠲᠤ ᠤᠷᠤᠯᠠᠨ ᠬᠥᠢᠴᠡᠳᠭᠡᠬᠦ ᠬᠠᠪᠰᠤᠷᠤᠨ ᠬᠥᠢᠴᠡᠳᠭᠡᠬᠦ᠂ ᠭᠡᠷ ᠲᠤᠨᠢ ᠬᠥᠷᠴᠥ ᠬᠥᠢᠴᠡᠳᠭᠡᠵᠥ ᠥᠭᠭᠦ ᠵᠡᠷᠭᠡ ᠥᠢᠯᠡᠴᠢᠯᠡᠭᠡ ᠬᠠᠨᠭ᠍ᠭᠠᠵᠥ᠂ ᠵᠠᠰᠠᠭ ᠤᠨ ᠶᠠᠪᠤᠲᠠᠯ ᠤᠨ ᠥᠢᠯᠡᠴᠢᠯᠡᠭᠡ ᠶᠢ ᠤᠯᠠᠮ ᠰᠢᠯᠢᠲᠡᠭᠵᠢᠬᠦᠯᠵᠥ᠂ ᠤᠯᠠᠨ ᠲᠥᠮᠡᠨ ᠤ ᠵᠤᠯ ᠵᠢᠷᠭᠠᠯᠲᠤ ᠰᠡᠳᠬᠢᠯᠭᠡ᠂ ᠬᠥᠷᠲᠡᠮᠵᠢ ᠶᠢᠨ ᠲᠥᠷᠥᠭᠲᠡᠯ ᠢ ᠥᠨᠡᠨᠬᠦ ᠲᠡᠭᠡᠭᠰᠢᠯᠡᠭᠦᠯᠵᠥ ᠪᠠᠶᠢᠨ᠎ᠠ᠃
 
ᠢᠷᠡᠯᠲᠡ᠄ ᠰᠢᠯᠢ ᠶᠢᠨ ᠭᠤᠤᠯ ᠤᠨ ᠮᠤᠩᠭᠤᠯ ᠰᠤᠨᠢᠨ ᠮᠡᠳᠡᠭᠡᠨ ᠤ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号