ᠲᠤᠮᠢᠯᠠᠭᠰᠠᠨ ᠰᠠᠯᠪᠤᠷᠢ ᠶᠢᠨ ᠦᠢᠯᠡᠴᠢᠯᠡᠭᠡᠨ ᠤ ᠴᠤᠩᠬᠤᠪᠴᠢ ᠲᠠᠰ ᠲᠠᠪᠰᠢᠯᠠ | ᠰᠦᠨᠢᠳ ᠪᠠᠷᠠᠭᠤᠨ ᠬᠤᠰᠢᠭᠤᠨ ᠤ ᠲᠤᠲᠤᠭᠠᠲᠤ ᠶᠢ ᠬᠠᠮᠠᠭᠠᠯᠠᠬᠤ ᠲᠤᠪᠴᠢᠶ᠎ᠠ ᠨᠢ ᠲᠤᠮᠢᠯᠠᠭᠰᠠᠨ ᠰᠠᠯᠪᠤᠷᠢ ᠶᠢᠨ ︽ | ᠨᠢᠬᠡ ᠦᠷᠳᠡᠭᠡᠴᠢᠯᠡᠭᠰᠡᠨ ᠬᠡᠯᠪᠡᠷᠢ︾ ᠶᠢᠨ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠵᠠᠬᠪᠤᠷ ᠢ ᠢᠳᠡᠪᠬᠢᠲᠠᠢ | ᠬᠡᠷᠡᠭᠵᠢᠬᠦᠯᠵᠦ᠂ ︽ᠨᠢᠬᠡ ᠴᠤᠩᠬᠤᠪᠴᠢ ᠪᠠᠷ ᠬᠦᠯᠢᠶᠡᠨ ᠠᠪᠴᠦ ᠰᠶᠢᠳᠪᠦᠷᠢᠯᠡᠬᠦ︾᠂ ︽ᠨᠢᠬᠡ ᠴᠠᠭᠳᠠᠭ᠎ᠠ ᠤᠯᠠᠨ | ᠴᠢᠳᠠᠪᠤᠷᠢ ᠳᠤ ᠮᠡᠷᠭᠡᠰᠢᠬᠦ︾ ᠵᠠᠰᠠᠭ ᠤᠨ ᠶᠠᠪᠤᠳᠠᠯ ᠤᠨ ᠰᠢᠨ᠎ᠡ ᠪᠠᠶᠢᠷᠢᠯᠠᠭᠤᠯᠤᠯᠲᠠ ᠨᠢ ᠤᠯᠠᠨ ᠲᠦᠮᠡᠨ ᠳᠤ | ᠦᠢᠯᠡᠴᠢᠯᠡᠬᠦ ᠵᠠᠢ ᠶᠢ ᠤᠶᠢᠷᠠᠳᠤᠭᠤᠯᠵᠦ᠂ ᠤᠯᠠᠨ ᠲᠦᠮᠡᠨ ᠤ ᠠᠵᠢᠯ ᠶᠠᠪᠤᠳᠠᠯ ᠬᠦᠢᠴᠡᠳᠭᠡᠬᠦ ᠴᠠᠭ ᠢ ᠠᠷᠪᠢᠯᠠᠵᠦ᠂ | ᠠᠷᠠᠳ ᠤᠨ ᠴᠠᠬᠳᠠᠭᠠᠨ ᠤ ᠠᠵᠢᠯ ᠶᠠᠪᠤᠳᠠᠯ ᠬᠦᠢᠴᠡᠳᠭᠡᠬᠦ ᠦᠷ᠎ᠡ ᠪᠦᠲᠦᠮᠵᠢ ᠶᠢ ᠲᠡᠭᠡᠭᠰᠢᠯᠡᠬᠦᠯᠵᠦ᠂ ᠤᠯᠠᠨ | ᠲᠦᠮᠡᠨ ᠤ ᠮᠠᠭᠳᠠᠭᠠᠯ ᠰᠠᠶᠢᠰᠢᠶᠠᠯ ᠢ ᠤᠯᠵᠠᠢ᠃ | ᠵᠢᠷᠦᠬᠡ ᠪᠠᠯᠭᠠᠰᠤᠨ ᠤ ᠰᠠᠭᠤᠭᠠᠯᠢ ᠠᠷᠠᠳ ᠰᠦᠨ ᡁᠢ ᠸᠧᠢ ᠠᠵᠢᠯ ᠤᠨ ᠬᠠᠷᠠᠭ᠎ᠠ ᠪᠠᠷ ᠪᠠᠶᠢᠩᠭᠤ ᠭᠠᠳᠠᠭᠰᠢ ᠭᠠᠷᠳᠠᠭ | ᠃ ᠡᠨᠡ ᠬᠡᠳᠦᠨ ᠡᠳᠦᠷ ᠲᠡᠷᠡ ᠵᠢᠯᠤᠭᠤᠴᠢ ᠶᠢᠨ ᠦᠨᠡᠮᠯᠡᠯ ᠢᠶᠠᠨ ᠭᠡᠭᠡᠭᠰᠡᠨ ᠲᠤᠯᠠ ᠭᠠᠳᠠᠭᠰᠢ ᠲᠤᠲᠤᠭᠰᠢ | ᠶᠠᠪᠤᠬᠤ ᠳᠤ ᠲᠦᠬᠦᠮ ᠦᠬᠡᠢ ᠪᠤᠯᠵᠦ ᠭᠠᠴᠢᠭᠳᠠᠵᠦ ᠪᠠᠶᠢᠬᠤ ᠳᠤ᠂ ᠵᠢᠷᠦᠭᠡ ᠪᠠᠯᠭᠠᠰᠤᠨ ᠤ ᠲᠤᠮᠢᠯᠠᠭᠰᠠᠨ ᠰᠠᠯᠪᠤᠷᠢ | ︽ᠨᠢᠬᠡ ᠦᠷᠳᠡᠭᠡᠴᠢᠯᠡᠭᠰᠡᠨ ᠬᠡᠯᠪᠡᠷᠢ︾ ᠶᠢᠨ ᠦᠢᠯᠡᠴᠢᠯᠡᠭᠡ ᠬᠠᠩᠭᠠᠵᠦ ᠪᠠᠶᠢᠬᠤ ᠶᠢ ᠰᠤᠨᠤᠰᠤᠭᠠᠳ᠂ ᠭᠠᠷ | ᠬᠦᠢᠴᠡᠳᠭᠡᠯ ᠬᠢᠵᠦ ᠲᠡᠶᠢᠯᠬᠦ ᠡᠰᠡᠬᠦ ᠶᠢ ᠦᠵᠡᠬᠦ ᠪᠠᠷ ᠬᠦᠷᠦᠭᠡᠳ 30 ᠭᠠᠷᠤᠢ ᠺᠢᠯᠤᠮᠧᠲᠷ ᠵᠠᠶᠢᠳᠠᠢ ᠬᠤᠰᠢᠭᠤᠨ | ᠲᠦᠪ ᠲᠤ ᠤᠴᠢᠬᠤ ᠭᠡᠷᠡᠭ ᠦᠬᠡᠢ ᠮᠦᠷᠳᠡᠭᠡᠨ ᠬᠡᠳᠦᠬᠡᠨ ᠮᠢᠨᠦ᠋ᠲ ᠲᠤ ᠵᠢᠯᠤᠭᠤᠴᠢ ᠶᠢᠨ ᠦᠨᠡᠮᠯᠡᠯ ᠢᠶᠠᠨ ᠨᠦᠬᠦᠵᠦ | ᠪᠦᠷᠢᠳᠭᠡᠭᠦᠯᠦᠭᠰᠡᠨ ᠨᠢ ᠲᠡᠬᠦᠨ ᠤ ᠰᠠᠨᠠᠭᠠᠨ ᠠᠴᠠ ᠭᠠᠳᠠᠭᠤᠷ ᠶᠠᠪᠤᠳᠠᠯ ᠪᠤᠯᠵᠠᠢ᠃ | ᠤᠶᠢᠯᠠᠭᠠᠭᠰᠠᠨ ᠢᠶᠠᠷ᠂ ᠵᠢᠷᠦᠭᠡ ᠪᠠᠯᠭᠠᠰᠤ ᠶᠢᠨ ᠲᠤᠮᠢᠯᠠᠭᠰᠠᠨ ᠰᠠᠯᠪᠤᠷᠢ ᠪᠤᠯ ᠰᠦᠨᠢᠳ ᠪᠠᠷᠠᠭᠤᠨ ᠬᠤᠰᠢᠭᠤᠨ ᠤ | ᠲᠤᠲᠤᠭᠠᠲᠤ ᠶᠢ ᠬᠠᠮᠠᠭᠠᠯᠠᠬᠤ ᠲᠤᠪᠴᠢᠶᠠᠨ ᠤ ᠲᠤᠰᠬᠠᠢ ᠫᠠᠶᠢᠰᠠ ᠡᠯᠬᠦᠭᠰᠡᠨ ︽ᠨᠢᠬᠡ ᠦᠷᠳᠡᠭᠡᠴᠢᠯᠡᠭᠰᠡᠨ ᠬᠡᠯᠪᠡᠷᠢ︾ | ᠶᠢᠨ ᠲᠤᠮᠢᠯᠠᠭᠰᠠᠨ ᠰᠠᠯᠪᠤᠷᠢ ᠶᠢᠨ ᠲᠤᠲᠤᠷᠠᠬᠢ ᠨᠢᠬᠡᠨ ᠪᠤᠯᠤᠨ᠎ᠠ᠃ 2023 ᠤᠨ ᠳᠤ᠂ ᠰᠦᠨᠢᠳ ᠪᠠᠷᠠᠭᠤᠨ | ᠬᠤᠰᠢᠭᠤᠨ ᠤ ᠲᠤᠲᠤᠭᠠᠲᠤ ᠶᠢ ᠬᠠᠮᠠᠭᠠᠯᠠᠬᠤ ᠲᠤᠪᠴᠢᠶ᠎ᠠ ︽ᠨᠢᠬᠡ ᠴᠤᠩᠬᠤᠪᠴᠢ ᠪᠠᠷ ᠨᠡᠶᠢᠳᠡᠮ ᠬᠦᠢᠴᠡᠳᠭᠡᠬᠦ︾ | ᠦᠬᠡᠷᠡᠴᠢᠯᠡᠯᠳᠡ ᠶᠢ ᠪᠦᠬᠦ ᠲᠠᠯ᠎ᠠ ᠪᠠᠷ ᠠᠬᠢᠭᠤᠯᠵᠦ᠂ ᠲᠤᠮᠢᠯᠠᠭᠰᠠᠨ ᠰᠠᠯᠪᠤᠷᠢ ᠶᠢᠨ ᠤᠤᠯ ᠤᠨ ᠡᠷᠦᠭᠡ ᠠᠮᠠ ᠶᠢᠨ | ᠲᠠᠩᠰᠠ ᠬᠦᠢᠴᠡᠳᠭᠡᠬᠦ ᠲᠤᠰᠬᠠᠢ ᠴᠤᠩᠬᠤᠪᠴᠢ ᠶᠢ ᠶᠡᠷᠦᠩᠬᠡᠶᠢᠯᠡᠭᠰᠡᠨ ᠦᠢᠯᠡᠴᠢᠯᠡᠬᠡᠨ ᠤ ᠴᠤᠩᠬᠤᠪᠴᠢ ᠪᠤᠯᠭᠠᠨ ᠲᠡᠰ | ᠲᠠᠪᠰᠢᠬᠦᠯᠵᠦ᠂ ᠠᠮᠤᠷ ᠢ ᠬᠠᠮᠠᠭᠠᠯᠠᠬᠤ᠂ ᠵᠠᠮ ᠬᠠᠷᠢᠯᠴᠠᠭᠠᠨ ᠤ ᠬᠠᠮᠢᠶᠠᠷᠤᠯᠲᠠ᠂ ᠬᠢᠯᠢ ᠪᠠᠷ ᠤᠷᠤᠵᠦ ᠭᠠᠷᠬᠤ ᠵᠡᠷᠭᠡ | ᠦᠨᠳᠦᠷ ᠲᠠᠪᠳᠠᠮᠵᠢᠲᠤ ᠲᠤᠬᠠᠶᠢᠯᠠᠭᠰᠠᠨ ᠠᠵᠢᠯ ᠢ ᠪᠦᠬᠦᠨ ᠢ ᠲᠤᠮᠢᠯᠠᠬᠰᠠᠨ ᠰᠠᠯᠪᠤᠷᠢ ᠳᠤ ᠬᠦᠢᠴᠡᠳᠭᠡᠬᠦ ᠪᠤᠯᠭᠠᠵᠦ᠂ | ᠤᠯᠠᠨ ᠲᠦᠮᠡᠨ ᠤ ᠠᠵᠢᠯ ᠶᠠᠪᠤᠳᠠᠯ ᠬᠦᠢᠴᠡᠳᠭᠡᠬᠦ ᠳᠤ ᠭᠡᠷ ᠤᠨ ᠤᠶᠢᠷ᠎ᠠ ᠬᠠᠪᠢ ᠳᠠᠭᠠᠨ ᠬᠦᠢᠴᠡᠳᠭᠡᠬᠦ ᠶᠢ | ᠪᠡᠶᠡᠯᠡᠬᠦᠯᠵᠠᠢ᠃ ᠡᠬᠦᠨ ᠤ ᠬᠠᠮᠲᠤ᠂ ᠴᠠᠭᠳᠠᠭᠠᠨ ᠤ ᠶᠠᠪᠤᠳᠠᠯ ᠤᠨ ᠡᠬᠢ ᠪᠠᠶᠠᠯᠢᠭ ᠢ ᠲᠠᠰᠤᠷᠠᠯᠳᠠ ᠦᠬᠡᠢ | ᠰᠢᠯᠢᠳᠡᠭᠵᠢᠬᠦᠯᠦᠨ᠂ ᠶᠡᠷᠦᠩᠬᠡᠶᠢᠯᠡᠭᠰᠡᠨ ᠴᠤᠩᠬᠤᠪᠴᠢ ᠶᠢ ᠰᠢᠨᠵᠢᠯᠡᠬᠦ ᠤᠬᠠᠭᠠᠨᠴᠢ ᠪᠠᠷ ᠲᠤᠬᠢᠷᠠᠭᠤᠯᠵᠦ᠂ | ᠲᠤᠮᠢᠯᠠᠭᠰᠠᠨ ᠰᠠᠯᠪᠤᠷᠢ ᠶᠢᠨ ᠦᠢᠯᠡᠴᠢᠯᠡᠬᠡᠨ ᠤ ᠴᠤᠩᠬᠤᠪᠴᠢ ᠶᠢᠨ ᠪᠤᠳᠠᠳᠤ ᠴᠤᠭᠴᠠ ᠶᠢᠨ ᠪᠠᠶᠢᠭᠤᠯᠤᠯᠲᠠ ᠪᠠ ᠡᠷᠭᠡ | ᠮᠡᠳᠡᠯ ᠤᠨ ᠦᠢᠯᠡᠴᠢᠯᠡᠬᠡᠨ ᠤ ᠵᠦᠢᠯᠡᠰ ᠲᠤ ᠡᠷᠭᠡ ᠤᠯᠭᠤᠬᠤ ᠶᠢ ᠠᠯᠬᠤᠮ ᠠᠯᠬᠤᠮ ᠢᠶᠠᠷ ᠠᠬᠢᠭᠤᠯᠵᠦ᠂ | ᠲᠤᠲᠤᠭᠠᠲᠤ ᠶᠢ ᠬᠠᠮᠠᠭᠠᠯᠠᠬᠤ ᠪᠠ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠬᠡᠯᠬᠢᠶᠡᠵᠢᠭᠰᠡᠨ ᠦᠢᠯᠡᠴᠢᠯᠡᠬᠡᠨ ᠤ | ᠵᠠᠬᠪᠤᠷ ᠢ ᠪᠤᠢ ᠪᠤᠯᠭᠠᠵᠦ᠂ ᠬᠠᠷᠢᠶ᠎ᠠ ᠤᠷᠤᠨ ᠤ ᠤᠯᠠᠨ ᠲᠦᠮᠡᠨ ᠤ ᠤᠯᠠᠨ ᠶᠠᠩᠵᠦ ᠶᠢᠨ ᠬᠡᠷᠡᠭᠴᠡᠭᠡ | ᠱᠠᠭᠠᠷᠳᠠᠯᠭ᠎ᠠ ᠶᠢ ᠪᠦᠲᠦᠮᠵᠢᠲᠠᠢ ᠬᠠᠩᠭᠠᠵᠦ᠂ ᠲᠤᠲᠤᠭᠠᠲᠤ ᠶᠢ ᠬᠠᠮᠠᠭᠠᠯᠠᠬᠤ ᠠᠵᠢᠯ ᠤᠨ ᠠᠷᠠᠳ ᠲᠤ ᠲᠦᠬᠦᠮ | ᠦᠵᠡᠬᠦᠯᠬᠦ ᠦᠢᠯᠡᠴᠢᠯᠡᠭᠡ ᠶᠢ ᠤᠶᠢᠷ᠎ᠠ ᠬᠠᠪᠢ ᠳᠠᠭᠠᠨ ᠡᠷᠬᠢᠯᠡᠬᠦ᠂ ᠲᠦᠷᠭᠡᠨ ᠬᠦᠢᠴᠡᠳᠭᠡᠬᠦ ᠦᠢᠯᠡᠴᠢᠯᠡᠬᠡᠨ ᠤ | ᠵᠤᠷᠢᠯᠳᠠ ᠪᠠᠨ ᠪᠡᠶᠡᠯᠡᠬᠦᠯᠪᠡ᠃ | ᠤᠳᠤᠬᠠᠨ ᠪᠤᠯᠳᠠᠯ᠎ᠠ᠂ ᠰᠦᠨᠢᠳ ᠪᠠᠷᠠᠭᠤᠨ ᠬᠤᠰᠢᠭᠤᠨ ᠤ ᠲᠤᠲᠤᠭᠠᠲᠤ ᠶᠢ ᠬᠠᠮᠠᠭᠠᠯᠠᠬᠤ ᠲᠤᠪᠴᠢᠶ᠎ᠠ ᠨᠢᠬᠡᠨᠳᠡ | 50% ᠶᠢᠨ ᠲᠤᠮᠢᠯᠠᠬᠰᠠᠨ ᠰᠠᠯᠪᠤᠷᠢ ᠳᠤ ᠶᠡᠷᠦᠩᠬᠡᠶᠢᠯᠡᠭᠰᠡᠨ ᠴᠤᠩᠬᠤᠪᠴᠢ ᠲᠤᠬᠢᠷᠠᠭᠤᠯᠵᠦ᠂ ︽ᠨᠢᠬᠡ | ᠦᠷᠳᠡᠭᠡᠴᠢᠯᠡᠭᠰᠡᠨ ᠬᠡᠯᠪᠡᠷᠢ︾ ᠶᠢᠨ ᠲᠤᠮᠢᠯᠠᠭᠰᠠᠨ ᠰᠠᠯᠪᠤᠷᠢ 3 ᠶᠢ ᠪᠠᠶᠢᠭᠤᠯᠵᠦ᠂ ︽ᠨᠢᠬᠡ ᠴᠤᠩᠬᠤᠪᠴᠢ ᠪᠠᠷ | ᠨᠡᠶᠢᠳᠡᠮ ᠬᠦᠢᠴᠡᠳᠭᠡᠬᠦ︾ 241 ᠵᠦᠢᠯᠡᠰ ᠢ ᠢᠯᠡ ᠪᠤᠯᠭᠠᠵᠦ᠂ ︽ᠨᠢᠬᠡ ᠦᠷᠳᠡᠭᠡᠴᠢᠯᠡᠭᠰᠡᠨ ᠬᠡᠯᠪᠡᠷᠢ︾ ᠶᠢᠨ | ᠲᠤᠮᠢᠯᠠᠭᠰᠠᠨ ᠰᠠᠯᠪᠤᠷᠢ ᠶᠢᠨ ᠦᠢᠯᠡᠴᠢᠯᠡᠬᠡᠨ ᠤ ᠵᠦᠢᠯᠡᠰ 49 ᠶᠢ ᠰᠢᠨ᠎ᠡ ᠪᠠᠷ ᠨᠡᠮᠡᠪᠡ᠃ ᠡᠬᠦᠨ ᠳᠤ ᠠᠮᠤᠷ ᠢ | ᠬᠠᠮᠠᠭᠠᠯᠠᠬᠤ ᠲᠦᠷᠦᠯ ᠤᠨ 3 ᠵᠦᠢᠯᠡᠰ᠂ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠲᠦᠷᠦᠯ ᠤᠨ 42 ᠵᠦᠢᠯᠡᠰ᠂ | ᠬᠢᠯᠢ ᠪᠠᠷ ᠤᠷᠤᠵᠦ ᠭᠠᠷᠬᠤ ᠲᠦᠷᠦᠯ ᠤᠨ 4 ᠵᠦᠢᠯᠡᠰ ᠪᠤᠢ᠃ | |