ᠮᠠᠨ ᠤ ᠣᠷᠣᠨ ᠤ 3 ᠲᠥᠷᠥᠯ ᠵᠦᠢᠯ ᠪᠦᠭᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠤᠨ ᠠᠵᠢᠯᠲᠠᠨ ᠠᠵᠢᠯᠴᠢᠨ ᠤ ᠰᠢᠨ᠎ᠡ ᠶᠢ ᠡᠭᠦᠳᠦᠭᠰᠡᠨ ᠨᠥᠬᠦᠪᠦᠷᠢ ᠮᠥᠩᠭᠦ ᠶᠢ ᠣᠯᠪᠠ
ᠨᠡᠶᠢᠲᠡᠯᠡᠭᠰᠡᠨ ᠴᠠᠭ᠄
2023/12/11
ᠮᠠᠨ ᠤ ᠣᠷᠣᠨ ᠤ 3 ᠲᠥᠷᠥᠯ ᠵᠦᠢᠯ ᠪᠦᠭᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠤᠨ ᠠᠵᠢᠯᠲᠠᠨ ᠠᠵᠢᠯᠴᠢᠨ ᠤ ᠰᠢᠨ᠎ᠡ ᠶᠢ ᠡᠭᠦᠳᠦᠭᠰᠡᠨ ᠨᠥᠬᠦᠪᠦᠷᠢ ᠮᠥᠩᠭᠦ ᠶᠢ ᠣᠯᠪᠠᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠠᠴᠠ ᠲᠠᠨᠢᠯᠴᠠᠭᠤᠯᠤᠭᠰᠠᠨ ᠯᠦ ᠷᠧᠨ ᠹᠧᠩ᠂ ᠪᠦᠦ ᠸᠧᠨ ᠵᠢᠶᠧ᠂ ᠷᠧᠨ ᠱᠣᠸ ᠴᠢᠩ ᠢᠶᠠᠷ ᠲᠥᠷᠥᠯ ᠵᠦᠢᠯ ᠤᠨ ᠬᠠᠷᠢᠭᠤᠴᠠᠯᠭᠠᠲᠠᠨ ᠪᠤᠯᠭᠠᠬᠰᠠᠨ 3 ᠰᠢᠨ᠎ᠡ ᠶᠢ ᠡᠭᠦᠳᠦᠭᠰᠡᠨ ᠲᠥᠷᠥᠯ ᠵᠦᠢᠯ ᠨᠢ 2023 ᠣᠨ ᠤ ᠪᠦᠭᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠤᠨ ᠠᠵᠢᠯᠲᠠᠨ ᠠᠵᠢᠯᠴᠢᠨ ᠤ ᠰᠢᠨ᠎ᠡ ᠶᠢ ᠡᠭᠦᠳᠦᠭᠰᠡᠨ ᠨᠥᠬᠦᠪᠦᠷᠢ ᠮᠥᠩᠭᠦ ᠶᠢ ᠣᠯᠪᠠ᠃ ᠲᠣᠮᠣ ᠭᠡᠯᠪᠡᠷᠢ ᠶᠢᠨ ᠬᠥᠩᠭᠡᠨᠴᠠᠭᠠᠨ ᠤ ᠬᠠᠶᠢᠯᠤᠰᠢ ᠶᠢᠨ ᠷᠠᠳᠠᠷ X ᠠᠷᠤᠭ ᠶᠠᠰᠤ ᠦᠢᠯᠡᠳᠬᠦ ᠲᠦᠷᠦᠯ ᠵᠦᠢᠯ ᠨᠢ ᠲᠣᠮᠣ ᠤᠯᠤᠰ ᠤᠨ ᠲᠠᠷᠬᠠᠨ ᠯᠦ ᠷᠧᠨ ᠹᠧᠩ ᠢᠶᠠᠷ ᠬᠠᠷᠢᠭᠤᠴᠠᠯᠭᠠᠲᠠᠨ ᠪᠤᠯᠭᠠᠵᠦ᠂ ᠲᠤᠰ ᠰᠢᠨᠵᠢᠯᠡᠬᠦ ᠤᠬᠠᠭᠠᠨ ᠤ ᠰᠤᠳᠤᠯᠭᠠᠨ ᠤ ᠪᠦᠯᠭᠦᠮ ᠨᠢ ᠲᠤᠰᠬᠠᠢ ᠮᠡᠷᠭᠡᠵᠢᠯ ᠤᠨ ᠲᠦᠪᠰᠢᠨ ᠢᠶᠠᠷ ᠨᠡᠯᠢᠶᠡᠳ ᠥᠨᠳᠥᠷ᠂ ᠰᠢᠯᠢᠳᠡᠭ ᠰᠠᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠦᠢᠯᠡᠳᠪᠦᠷᠢᠯᠡᠯ ᠤᠨ ᠨᠥᠬᠦᠴᠡᠯ ᠵᠢᠴᠢ ᠨᠠᠷᠢᠨ ᠬᠢᠨᠠᠮᠠᠭᠠᠢ ᠬᠠᠷᠢᠭᠤᠴᠠᠬᠤ ᠰᠢᠨᠵᠢᠯᠡᠬᠦ ᠤᠬᠠᠭᠠᠨ ᠤ ᠰᠤᠳᠤᠯᠭᠠᠨ ᠤ ᠦᠢᠯᠡᠳᠪᠦᠷᠢᠯᠡᠯ ᠤᠨ ᠣᠪᠣᠷ ᠢ ᠪᠦᠷᠢᠯᠳᠦᠭᠦᠯᠦᠭᠰᠡᠨ ᠪᠠᠶᠢᠨ᠎ᠠ᠃ ᠲᠣᠰ ᠲᠦᠷᠦᠯ ᠵᠦᠢᠯ ᠤᠨ ᠦᠢᠯᠡᠳᠬᠦᠨ ᠨᠢ ᠷᠠᠳᠠᠷ ᠤᠨ ᠴᠢᠬᠤᠯᠠ ᠠᠴᠢᠶᠠᠯᠠᠪᠤᠷᠢ ᠶᠢᠨ ᠲᠣᠨᠤᠭ ᠪᠣᠯᠬᠤᠷ ᠡᠷᠬᠡᠪᠰᠢ ᠵᠢᠷᠭᠤᠳᠤᠭᠠᠷ ᠳᠡᠰ ᠤᠨ ᠲᠡᠯᠡᠶ ᠶᠢᠨ ᠪᠠᠶᠢᠳᠠᠯ ᠳᠣᠣᠷᠠᠬᠢ ᠲᠡᠯᠡᠶ ᠶᠢᠨ ᠵᠠᠳᠠᠭᠠᠢ ᠣᠷᠴᠢᠨ ᠲᠣᠭᠤᠷᠢᠨ ᠤ ᠠᠵᠢᠯ ᠤᠨ ᠱᠠᠭᠠᠷᠳᠠᠯᠭ᠎ᠠ ᠪᠠ ᠶᠢᠰᠦᠳᠦᠭᠡᠷ ᠳᠡᠰ ᠤᠨ ᠲᠡᠯᠡᠶ ᠶᠢᠨ ᠪᠠᠶᠢᠳᠠᠯ ᠳᠣᠣᠷᠠᠬᠢ ᠲᠡᠯᠡᠶ ᠶᠢᠨ ᠵᠠᠳᠠᠭᠠᠢ ᠣᠷᠴᠢᠨ ᠲᠣᠭᠤᠷᠢᠨ ᠤ ᠬᠦᠴᠦᠯᠡᠴᠡ ᠶᠢᠨ ᠱᠠᠭᠠᠷᠳᠠᠯᠭ᠎ᠠ ᠶᠢ ᠬᠠᠩᠭᠠᠬᠤ ᠬᠡᠷᠡᠭᠲᠡᠢ ᠪᠥᠭᠡᠳ ᠲᠡᠭᠦᠨ ᠤ ᠠᠴᠢᠶᠠᠯᠠᠭᠰᠠᠨ ᠡᠯᠧᠺᠲᠷᠣᠨ ᠲᠥᠬᠦᠭᠡᠷᠦᠮᠵᠢ ᠳᠡᠭᠡᠨ ᠪᠦᠲᠦᠴᠡ ᠶᠢᠨ ᠲᠤᠯᠭᠠᠭᠤᠷᠢᠯᠠᠯ ᠪᠠ ᠬᠠᠮᠠᠭᠠᠯᠠᠯᠲᠠ ᠬᠠᠩᠭᠠᠬᠤ ᠶᠢ ᠱᠠᠭᠠᠷᠳᠠᠳᠠᠭ ᠴᠠᠭᠢᠯᠭᠠᠨ ᠬᠦᠷᠭᠡᠬᠦ ᠱᠤᠭᠤᠮ ᠤᠨ ᠵᠢᠯᠣᠭᠤᠴᠢ ᠦᠭᠡᠢ ᠨᠢᠰᠬᠡᠯ ᠤᠨ ᠡᠯᠭᠦᠭᠡ ᠵᠠᠳᠠᠯᠤᠯᠲᠠ ᠶᠢᠨ ᠭᠠᠵᠠᠷᠳᠠᠭᠤᠯᠭ᠎ᠠ ᠶᠢᠨ ᠲᠣᠨᠣᠭᠯᠠᠯ ᠢ ᠰᠤᠳᠤᠯᠤᠨ ᠨᠡᠭᠡᠭᠡᠬᠦ ᠲᠦᠷᠦᠯ ᠵᠦᠢᠯ ᠨᠢ ᠪᠦᠦ ᠸᠧᠨ ᠵᠢᠶᠧ ᠪᠠᠷ ᠪᠦᠯᠭᠦᠮ ᠤᠨ ᠬᠠᠷᠢᠭᠤᠴᠠᠯᠭᠠᠲᠠᠨ ᠪᠤᠯᠭᠠᠵᠦ᠂ ᠲᠤᠰ ᠪᠦᠯᠭᠦᠮ ᠨᠢ ᠴᠠᠭᠢᠯᠭᠠᠨ ᠬᠦᠷᠭᠡᠬᠦ ᠱᠤᠭᠤᠮ ᠤᠨ ᠲᠡᠭᠡᠭᠡᠪᠦᠷᠢ ᠶᠢᠨ ᠪᠠᠶᠢᠴᠠᠭᠠᠯᠲᠠ᠂ ᠵᠢᠯᠣᠭᠤᠴᠢ ᠦᠭᠡᠢ ᠨᠢᠰᠬᠡᠯ ᠤᠨ ᠲᠡᠭᠡᠭᠡᠪᠦᠷᠢ ᠶᠢᠨ ᠪᠠᠶᠢᠴᠠᠭᠠᠯᠲᠠ ᠶᠢᠨ ᠲᠤᠷᠰᠢᠯᠭ᠎ᠠ ᠪᠠᠷ ᠪᠠᠶᠠᠯᠢᠭ ᠪᠠᠶᠢᠳᠠᠭ᠃ ᠳᠤᠰ ᠲᠥᠷᠥᠯ ᠵᠦᠢᠯ ᠤᠨ ᠬᠡᠷᠡᠭᠯᠡᠯᠲᠡ ᠨᠢ ᠨᠢᠭᠡᠨᠲᠡ ᠣᠳᠣᠬᠠᠨ ᠤ ᠭᠤᠣᠯ ᠬᠠᠯᠠᠮᠰᠢᠯ ᠴᠡᠭ ᠤᠨ ᠨᠢᠭᠡ ᠪᠣᠯᠵᠤ᠂ ᠴᠠᠭᠢᠯᠭᠠᠨ ᠬᠦᠷᠭᠡᠬᠦ ᠬᠡᠯᠬᠢᠶ᠎ᠡ ᠶᠢ ᠪᠠᠶᠢᠴᠠᠭᠠᠨ ᠵᠠᠰᠠᠬᠤ ᠳᠤ ᠭᠠᠵᠠᠷ ᠵᠠᠯᠭᠠᠬᠤ ᠤᠲᠠᠰᠤ ᠶᠢ ᠡᠯᠭᠦᠵᠦ ᠵᠠᠳᠠᠯᠬᠤ ᠳᠤ ᠬᠥᠮᠥᠨ ᠰᠤᠪᠤᠷᠭ᠎ᠠ ᠳᠤ ᠭᠠᠷᠬᠤ ᠴᠢᠬᠤᠯᠠᠲᠠᠢ ᠪᠠᠶᠢᠬᠤ ᠠᠰᠠᠭᠤᠳᠠᠯ ᠢ ᠰᠢᠢᠳᠪᠦᠷᠢᠯᠡᠬᠦ ᠠᠴᠠ ᠡᠬᠢᠯᠡᠨ᠂ ᠮᠠᠰᠢᠨ ᠮᠧᠬᠠᠨᠢᠭ ᠤᠨ ᠠᠯᠤᠰ ᠡᠵᠡᠮᠰᠢᠯ ᠤᠨ ᠤᠭ ᠶᠣᠰᠣ ᠶᠢ ᠦᠨᠳᠦᠰᠦᠯᠡᠨ᠂ ᠵᠢᠯᠣᠭᠤᠴᠢ ᠦᠭᠡᠢ ᠨᠢᠰᠬᠡᠯ ᠢ ᠠᠰᠢᠭᠯᠠᠨ ᠴᠠᠭᠢᠯᠭᠠᠨ ᠬᠦᠷᠭᠡᠬᠦ ᠬᠡᠯᠬᠢᠶ᠎ᠡ ᠶᠢᠨ ᠭᠠᠵᠠᠷ ᠵᠠᠯᠭᠠᠬᠤ ᠤᠲᠠᠰᠤ ᠶᠢ ᠡᠯᠭᠦᠵᠦ ᠵᠠᠳᠠᠯᠬᠤ ᠲᠣᠨᠣᠭᠯᠠᠯ ᠢ ᠲᠥᠯᠥᠪᠯᠡᠨ ᠰᠤᠳᠤᠯᠵᠤ᠂ ᠨᠡᠯᠢᠶᠡᠳ ᠰᠠᠶᠢᠨ ᠬᠠᠨᠳᠤᠯᠭᠠᠲᠤ ᠴᠢᠨᠠᠷ ᠪᠠ ᠨᠡᠯᠢᠶᠡᠳ ᠴᠢᠩᠭ᠎ᠠ ᠬᠡᠷᠡᠭᠯᠡᠭᠡᠨ ᠤ ᠦᠨ᠎ᠡ ᠥᠷᠲᠡᠭ ᠲᠠᠢ ᠪᠠᠶᠢᠳᠠᠭ᠃ ᠭᠦᠨ ᠨᠦᠭᠡᠨ ᠳᠠᠬᠢ ᠭᠠᠳᠠᠷᠭᠤ ᠶᠢᠨ ᠬᠤᠪᠢᠷᠠᠯ ᠤᠨ ᠣᠭᠲᠣᠯᠣᠭᠠᠰᠤ ᠭᠤᠤ ᠶᠢᠨ ᠪᠠᠶᠢᠴᠠᠭᠠᠨ ᠬᠡᠮᠵᠢᠬᠦ ᠲᠣᠨᠣᠭᠯᠠᠯ ᠰᠤᠳᠤᠯᠤᠨ ᠦᠢᠯᠡᠳᠬᠦ ᠲᠦᠷᠦᠯ ᠵᠦᠢᠯ ᠢ ᠷᠧᠨ ᠱᠣᠣ ᠴᠢᠩ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ ᠤ ᠳᠡᠰ ᠤᠨ ᠠᠵᠢᠯᠲᠠᠨ ᠠᠵᠢᠯᠴᠢᠨ ᠤ ᠰᠢᠨ᠎ᠡ ᠶᠢ ᠡᠭᠦᠳᠬᠦ ᠠᠵᠢᠯ ᠤᠨ ᠲᠠᠰᠤᠭ ᠲᠤ ᠲᠦᠰᠢᠭᠯᠡᠨ ᠠᠵᠢᠯ ᠥᠷᠨᠢᠭᠦᠯᠵᠦ᠂ ᠣᠷᠣᠯᠴᠠᠭᠰᠠᠳ ᠴᠥᠮ ᠤᠷᠲᠤ ᠬᠤᠭᠤᠴᠠᠭ᠎ᠠ ᠪᠠᠷ ᠭᠧᠣᠮᠧᠲᠷᠢ ᠶᠢᠨ ᠬᠡᠮᠵᠢᠭᠳᠡᠬᠦᠨ ᠤ ᠨᠠᠷᠢᠯᠢᠭ ᠰᠢᠯᠭᠠᠯᠲᠠ ᠶᠢᠨ ᠮᠡᠷᠭᠡᠵᠢᠯ ᠤᠨ ᠠᠵᠢᠯ ᠢ ᠬᠢᠵᠦ᠂ ᠪᠦᠯᠭᠦᠮ ᠨᠡᠶᠢᠲᠡ ᠶᠢᠨ ᠣᠯᠠᠨ ᠵᠦᠢᠯ ᠤᠨ ᠮᠡᠷᠭᠡᠵᠢᠯ ᠤᠨ ᠦᠷ᠎ᠡ ᠪᠦᠲᠦᠭᠡᠯ ᠨᠢ ᠤᠯᠤᠰ ᠤᠨ ᠳᠣᠲᠣᠭᠠᠳᠤ ᠶᠢᠨ ᠲᠡᠷᠢᠭᠦᠨ ᠤ ᠲᠦᠪᠰᠢᠨ ᠳᠤ ᠪᠤᠢ᠂ ᠲᠣᠰ ᠲᠥᠷᠥᠯ ᠵᠦᠢᠯ ᠤᠨ ᠰᠤᠳᠤᠯᠭᠠᠨ ᠤ ᠦᠷ᠎ᠡ ᠪᠦᠲᠦᠭᠡᠯ ᠢ ᠬᠤᠯᠪᠣᠭᠳᠠᠯ ᠪᠦᠬᠦᠢ ᠬᠦᠷᠢᠶᠡᠨ ᠳᠤ ᠳᠡᠯᠭᠡᠷᠡᠭᠦᠯᠦᠨ ᠬᠡᠷᠡᠭᠯᠡᠵᠦ ᠪᠣᠯᠣᠨ᠎ᠠ᠂ ᠡᠨᠡ ᠨᠢ ᠭᠦᠨ ᠨᠦᠭᠡᠨ ᠳᠠᠬᠢ ᠭᠤᠤ ᠶᠢᠨ ᠪᠠᠶᠢᠴᠠᠭᠠᠯᠲᠠ ᠳᠤ ᠬᠡᠮᠵᠢᠯᠲᠡ ᠶᠢᠨ ᠠᠷᠭ᠎ᠠ ᠪᠠᠷᠢᠯ ᠬᠠᠩᠭᠠᠵᠤ᠂ ᠦᠢᠯᠡᠳᠬᠦᠨ ᠤ ᠤᠷ᠎ᠠ ᠮᠡᠷᠭᠡᠰᠢᠯ ᠢ ᠰᠠᠶᠢᠵᠢᠷᠠᠭᠤᠯᠬᠤ᠂ ᠶᠠᠰᠤ ᠴᠢᠨᠠᠷ ᠢ ᠳᠡᠭᠡᠭᠰᠢᠯᠡᠭᠦᠯᠭᠦ ᠳᠤ ᠴᠢᠬᠤᠯᠠ ᠠᠴᠢ ᠬᠤᠯᠪᠣᠭᠳᠠᠯ ᠪᠠ ᠠᠵᠤ ᠠᠬᠤᠢ ᠨᠡᠶᠢᠭᠡᠮ ᠤᠨ ᠦᠷ᠎ᠡ ᠠᠰᠢᠭ ᠲᠠᠢ ᠪᠠᠶᠢᠳᠠᠭ᠃
 
ᠢᠷᠡᠯᠲᠡ᠄ ᠲᠤᠮᠲᠠᠲᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号