ᠮᠠᠨ ᠤ ᠣᠷᠣᠨ ᠪᠦᠳᠤᠮᠵᠢᠳᠠᠢ ᠠᠷᠭ᠎ᠠ ᠬᠡᠮᠵᠢᠶ᠎ᠡ ᠠᠪᠴᠤ ᠶᠠᠰᠤ ᠴᠢᠨᠠᠷ ᠤᠨ ᠪᠦᠬᠦᠯᠢ ᠴᠣᠭᠴᠠ ᠶᠢᠨ ᠲᠦᠪᠰᠢᠨ ᠢ ᠳᠡᠭᠡᠭᠰᠢᠯᠡᠭᠦᠯᠵᠤ ᠪᠠᠶᠢᠨ᠎ᠠ
ᠨᠡᠶᠢᠲᠡᠯᠡᠭᠰᠡᠨ ᠴᠠᠭ᠄
2023/12/11
ᠮᠠᠨ ᠤ ᠣᠷᠣᠨ ᠪᠦᠳᠤᠮᠵᠢᠳᠠᠢ ᠠᠷᠭ᠎ᠠ ᠬᠡᠮᠵᠢᠶ᠎ᠡ ᠠᠪᠴᠤ ᠶᠠᠰᠤ ᠴᠢᠨᠠᠷ ᠤᠨ ᠪᠦᠬᠦᠯᠢ ᠴᠣᠭᠴᠠ ᠶᠢᠨ ᠲᠦᠪᠰᠢᠨ ᠢ ᠳᠡᠭᠡᠭᠰᠢᠯᠡᠭᠦᠯᠵᠤ ᠪᠠᠶᠢᠨ᠎ᠠᠮᠠᠨ ᠤ ᠣᠷᠣᠨ ᠪᠦᠳᠤᠮᠵᠢᠳᠠᠢ ᠠᠷᠭ᠎ᠠ ᠬᠡᠮᠵᠢᠶ᠎ᠡ ᠠᠪᠴᠤ᠂ ᠶᠠᠰᠤ ᠴᠢᠨᠠᠷ ᠢᠶᠠᠷ ᠣᠷᠣᠨ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠯᠠᠪᠳᠠᠭᠤᠨ ᠪᠠᠲᠤᠲᠠᠢ ᠠᠬᠢᠭᠤᠯᠵᠤ᠂ ᠶᠠᠰᠤ ᠴᠢᠨᠠᠷ ᠢ ᠳᠡᠭᠡᠭᠰᠢᠯᠡᠭᠦᠯᠭᠦ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠪᠦᠭᠦ ᠣᠷᠣᠨ ᠤ ᠶᠠᠰᠤ ᠴᠢᠨᠠᠷ ᠤᠨ ᠪᠦᠬᠦᠯᠢ ᠴᠣᠭᠴᠠ ᠶᠢᠨ ᠲᠦᠪᠰᠢᠨ ᠲᠣᠭᠲᠠᠭᠤᠨ ᠤ ᠳᠤᠮᠳᠠ ᠳᠡᠭᠡᠭᠰᠢᠯᠡᠨ᠂ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠨᠠᠩ ᠴᠢᠩᠭᠠᠷᠠᠵᠤ᠂ ᠶᠠᠰᠤ ᠴᠢᠨᠠᠷ ᠤᠨ ᠰᠠᠭᠤᠷᠢ ᠲᠥᠬᠦᠭᠡᠷᠦᠮᠵᠢ ᠰᠢᠨ᠎ᠡ ᠲᠦᠪᠰᠢᠨ ᠳᠤ ᠭᠦᠷᠪᠡ᠃ ᠡᠨᠡ ᠵᠢᠯ ᠠᠴᠠ ᠨᠠᠭᠠᠰᠢ᠂ ᠮᠠᠨ ᠤ ᠣᠷᠣᠨ ︽ᠶᠠᠰᠤ ᠴᠢᠨᠠᠷ ᠢᠶᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠶᠢᠨ ᠬᠥᠲᠥᠯᠪᠦᠷᠢ︾ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ︽ᠶᠠᠰᠤ ᠴᠢᠨᠠᠷ ᠢᠶᠠᠷ ᠣᠷᠣᠨ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠶᠢᠨ ᠬᠥᠲᠥᠯᠪᠦᠷᠢ︾ ᠶᠢ ᠢᠯᠡ ᠪᠠᠷ ᠨᠡᠶᠢᠲᠡᠯᠡᠵᠦ᠂ ᠶᠠᠰᠤ ᠴᠢᠨᠠᠷ ᠤᠨ ᠠᠵᠢᠯ ᠢ ᠵᠠᠰᠠᠭ ᠤᠨ ᠣᠷᠳᠣᠨ ᠤ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠰᠢᠰᠲ᠋ᠧᠮ ᠳᠤ ᠣᠷᠣᠭᠤᠯᠪᠠ᠃ ᠥᠪᠡᠷᠲᠡᠭᠡᠨ ᠵᠠᠰᠠᠬᠤ ᠣᠷᠣᠨ ᠤ 3 ᠠᠵᠤ ᠠᠬᠤᠶᠢᠯᠠᠯ ᠳᠤᠮᠳᠠᠳᠤ ᠤᠯᠤᠰ ᠤᠨ ᠶᠠᠰᠤ ᠴᠢᠨᠠᠷ ᠤᠨ ᠱᠠᠩᠨᠠᠯ ᠤᠨ ᠨᠡᠷ᠎ᠡ ᠳᠤᠷᠠᠳᠤᠭᠰᠠᠨ ᠱᠠᠩᠨᠠᠯ ᠢ ᠬᠦᠷᠲᠡᠵᠦ ᠂ ᠲᠤᠭ᠎ᠠ ᠬᠡᠮᠵᠢᠶ᠎ᠡ ᠨᠢ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠴᠡᠢ᠃ ᠪᠦᠭᠦ ᠣᠷᠣᠨ ᠤ ᠦᠢᠯᠡᠳᠬᠦ ᠦᠢᠯᠡᠰ ᠤᠨ ᠦᠢᠯᠡᠳᠬᠦᠨ ᠤ ᠶᠠᠰᠤ ᠴᠢᠨᠠᠷ ᠤᠨ ᠬᠢᠷᠢ ᠲᠡᠩᠴᠡᠭᠰᠡᠨ ᠨᠣᠷᠮ᠎ᠠ᠂ ᠬᠡᠷᠡᠭᠯᠡᠭᠡᠨ ᠤ ᠵᠦᠢᠯ ᠤᠨ ᠶᠠᠰᠤ ᠴᠢᠨᠠᠷ ᠤᠨ ᠬᠢᠷᠢ ᠲᠡᠩᠴᠡᠭᠰᠡᠨ ᠨᠣᠷᠮ᠎ᠠ᠂ ᠣᠯᠠᠨ ᠨᠡᠶᠢᠲᠡ ᠶᠢᠨ ᠦᠢᠯᠡᠴᠢᠯᠡᠭᠡᠨ ᠤ ᠶᠠᠰᠤ ᠴᠢᠨᠠᠷ ᠤᠨ ᠶᠡᠷᠦᠩᠬᠡᠢ ᠬᠠᠨᠤᠮᠵᠢ ᠶᠢᠨ ᠬᠡᠮᠵᠢᠶ᠎ᠡ ᠲᠣᠰ ᠲᠣᠰ 93.42%᠂ 88.87%᠂ 80.61% ᠳᠤ ᠭᠦᠷᠪᠡ; ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠨᠠᠩ ᠴᠢᠩᠭᠠᠳᠬᠠᠵᠤ᠂ ᠪᠦᠭᠦ ᠵᠢᠯ ᠳᠤ 26532 ᠠᠵᠤ ᠠᠬᠤᠶᠢᠯᠠᠯ ᠢ ᠵᠢᠭᠰᠠᠭᠠᠨ ᠪᠠᠶᠢᠴᠠᠭᠠᠵᠤ᠂ 3150 ᠪᠦᠯᠦᠭ ᠤᠳᠠᠭ᠎ᠠ ᠶᠢᠨ ᠦᠢᠯᠡᠳᠬᠦᠨ ᠳᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠶᠢ ᠪᠡᠶᠡᠯᠡᠭᠦᠯᠵᠦ᠂ 1.4 ᠲᠦᠮᠡᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠳᠤ ᠰᠤᠭᠤᠴᠢᠨ ᠪᠠᠶᠢᠴᠠᠭᠠᠯᠲᠠ ᠬᠢᠪᠡ᠃ ᠪᠠᠷᠢᠯᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠭᠦ ᠲᠠᠯ᠎ᠠ ᠪᠠᠷ᠂ 958 ᠪᠠᠶᠢᠭᠤᠯᠵᠤ ᠪᠠᠶᠢᠭ᠎ᠠ ᠪᠠᠷᠢᠯᠭ᠎ᠠ ᠶᠢᠨ ᠲᠥᠷᠥᠯ ᠵᠦᠢᠯ᠂ 26 ᠵᠠᠮ ᠬᠠᠷᠢᠯᠴᠠᠭᠠᠨ ᠤ ᠲᠥᠷᠥᠯ ᠵᠦᠢᠯ ᠢ ᠵᠢᠭᠰᠠᠭᠠᠨ ᠪᠠᠶᠢᠴᠠᠭᠠᠪᠠ᠃ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠭᠦ ᠲᠠᠯ᠎ᠠ ᠪᠠᠷ᠂ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠲᠤᠰᠬᠠᠢ ᠴᠡᠭᠴᠡᠯᠡᠨ ᠵᠠᠰᠠᠯᠲᠠ ᠶᠢ ᠥᠷᠨᠢᠭᠦᠯᠵᠦ᠂ ᠣᠨᠴᠠᠯᠢᠭᠲᠤ ᠰᠣᠶᠣᠯ ᠵᠢᠭᠤᠯᠴᠢᠯᠠᠯ ᠤᠨ ᠨᠡᠷᠡᠲᠦ ᠲᠥᠷᠥᠯ ᠲᠡᠮᠳᠡᠭᠲᠦ ᠶᠢ ᠪᠤᠢ ᠪᠤᠯᠭᠠᠵᠤ᠂ ᠵᠢᠭᠤᠯᠴᠢᠯᠠᠯ ᠤᠨ ᠣᠷᠣᠯᠭ᠎ᠠ ᠶᠢ 3066 ᠳ᠋ᠦᠩᠰᠢᠭᠤᠷ ᠲᠥᠭᠦᠷᠢᠭ ᠪᠡᠶᠡᠯᠡᠭᠦᠯᠪᠡ; ᠶᠠᠰᠤ ᠴᠢᠨᠠᠷ ᠤᠨ ᠰᠠᠭᠤᠷᠢ ᠲᠥᠬᠦᠭᠡᠷᠦᠮᠵᠢ ᠰᠢᠨ᠎ᠡ ᠲᠦᠪᠰᠢᠨ ᠳᠤ ᠬᠦᠷᠴᠦ᠂ ︽ᠥᠪᠥᠷ ᠮᠣᠩᠭᠤᠯ ᠤᠨ ᠰᠦᠯᠵᠢᠶᠡᠨ ᠳᠡᠭᠡᠷᠡᠬᠢ ᠬᠢᠨᠠᠨ ᠪᠠᠶᠢᠴᠠᠭᠠᠯᠲᠠ︾ ᠶᠢᠨ ᠲᠠᠪᠴᠠᠩ ᠢ ᠲᠡᠭᠦᠯᠳᠡᠷᠵᠢᠭᠦᠯᠵᠦ᠂ 4613 ᠳᠤᠮᠳᠠ ᠪᠠᠭ᠎ᠠ ᠠᠵᠤ ᠠᠬᠤᠶᠢᠯᠠᠯ ᠰᠦᠯᠵᠢᠶᠡᠨ ᠳᠡᠭᠡᠷ᠎ᠡ ᠠᠵᠢᠯᠯᠠᠭᠤᠯᠵᠤ᠂ 1438 ᠵᠦᠢᠯ ᠤᠨ ᠪᠠᠶᠢᠴᠠᠭᠠᠨ ᠰᠢᠯᠭᠠᠬᠤ ᠦᠢᠯᠡᠴᠢᠯᠡᠭᠡ ᠬᠠᠩᠭᠠᠵᠤ᠂ ᠪᠠᠶᠢᠴᠠᠭᠠᠨ ᠰᠢᠯᠭᠠᠭᠰᠠᠨ ᠮᠡᠳᠡᠭᠦᠯᠦᠯᠲᠡ 1102 ᠬᠤᠪᠢ ᠭᠠᠷᠭᠠᠪᠠ᠃ 15 ᠵᠢᠱᠢᠶ᠎ᠡ ᠦᠵᠡᠭᠦᠯᠭᠦ ᠴᠣᠩᠬᠤᠪᠴᠢ ᠪᠠ 3 ᠲᠥᠪᠯᠡᠷᠡᠯ ᠦᠢᠯᠡᠴᠢᠯᠡᠭᠡᠨ ᠤ ᠰᠠᠭᠤᠷᠢᠨ ᠢ ᠪᠠᠶᠢᠭᠤᠯᠵᠤ᠂ ︽ᠨᠢᠭᠡ ᠥᠷᠲᠡᠭᠡᠴᠢᠯᠡᠭᠰᠡᠨ ᠮᠠᠶ᠋ᠢᠭ︾ ᠤᠨ ᠦᠢᠯᠡᠴᠢᠯᠡᠭᠡ ᠶᠢ ᠬᠦᠷᠢᠶᠡᠯᠡᠩ ᠲᠣᠭᠤᠷᠢᠭ᠂ ᠠᠵᠤ ᠠᠬᠤᠶᠢᠯᠠᠯ ᠳᠤ ᠤᠷᠤᠭᠤᠯᠬᠤ ᠶᠢ ᠠᠬᠢᠭᠤᠯᠵᠤ᠂ 44761 ᠠᠵᠤ ᠠᠬᠤᠶᠢᠯᠠᠯ ᠳᠤ ᠦᠢᠯᠡᠴᠢᠯᠡᠭᠡ ᠬᠦᠷᠲᠡᠭᠡᠵᠦ᠂ 7273 ᠮᠡᠷᠭᠡᠵᠢᠯ ᠤᠨ ᠬᠦᠴᠢᠷ ᠠᠰᠠᠭᠤᠳᠠᠯ ᠢ ᠰᠢᠢᠳᠪᠦᠷᠢᠯᠡᠨ᠂ 7154 ᠲᠦᠮᠡᠨ ᠲᠥᠭᠦᠷᠢᠭ ᠤᠨ ᠵᠠᠷᠤᠳᠠᠯ ᠢ ᠬᠠᠰᠤᠵᠤ ᠬᠡᠯᠲᠦᠷᠢᠭᠦᠯᠬᠦ ᠶᠢᠨ ᠬᠠᠮᠲᠤ ᠥᠪᠡᠷ ᠤᠨ ᠥᠷᠲᠡᠭ ᠢ ᠠᠷᠪᠢᠯᠠᠪᠠ᠃ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠭᠦ ᠲᠠᠯ᠎ᠠ ᠪᠠᠷ᠂ ᠤᠯᠤᠰ ᠤᠨ ᠴᠠᠭᠠᠨ ᠢᠳᠡᠭᠡᠨ ᠤ ᠬᠡᠮᠵᠢᠯᠲᠡ ᠶᠢᠨ ᠰᠢᠯᠭᠠᠨ ᠪᠠᠶᠢᠴᠠᠭᠠᠯᠲᠠ᠂ ᠰᠦ ᠶᠢᠨ ᠦᠢᠯᠡᠰ ᠤᠨ ᠮᠡᠳᠡᠯᠭᠡ ᠶᠢᠨ ᠦᠮᠴᠢᠯᠡᠯ ᠤᠨ ᠡᠷᠬᠡ ᠶᠢᠨ ᠡᠵᠡᠩᠨᠡᠯᠲᠡ ᠶᠢᠨ ᠲᠥᠪ ᠢ ᠪᠠᠶᠢᠭᠤᠯᠪᠠ᠃ ︽ᠨᠡᠭᠦᠷᠡᠰᠦᠲᠥ᠋ᠷᠥᠭᠴᠢ ᠦᠭᠡᠢ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠵᠢᠷᠤᠮᠵᠢᠯ︾᠂ ︽ᠨᠡᠭᠦᠷᠡᠰᠦᠲᠥ᠋ᠷᠥᠭᠴᠢ ᠦᠭᠡᠢ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠬᠡᠮᠵᠢᠯᠲᠡ ᠶᠢᠨ ᠦᠨᠡᠯᠡᠯᠲᠡ ᠶᠢᠨ ᠵᠢᠷᠤᠮᠵᠢᠯ︾᠂ ︽ᠪᠣᠬᠢᠷᠳᠤᠯ ᠦᠭᠡᠢ ᠴᠠᠭᠢᠯᠭᠠᠨ ᠬᠦᠴᠦᠨ ᠤ ᠬᠡᠷᠡᠭᠯᠡᠭᠡᠨ ᠤ ᠦᠨᠡᠯᠡᠯᠲᠡ ᠶᠢᠨ ᠠᠷᠭ᠎ᠠ︾ ᠶᠢ ᠨᠡᠶᠢᠲᠡᠯᠡᠵᠦ ᠤᠯᠤᠰ ᠤᠨ ᠳᠣᠲᠣᠭᠠᠳᠤ ᠶᠢᠨ ᠬᠤᠯᠪᠣᠭᠳᠠᠯ ᠪᠦᠬᠦᠢ ᠬᠦᠷᠢᠶᠡᠨ ᠤ ᠬᠤᠭᠤᠰᠤᠨ ᠢ ᠨᠥᠬᠦᠪᠦᠷᠢᠯᠡᠪᠡ᠃
 
ᠢᠷᠡᠯᠲᠡ᠄ ᠲᠤᠮᠲᠠᠲᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号