ᠲᠤᠮᠢᠯᠠᠭᠰᠠᠨ ᠰᠠᠯᠪᠤᠷᠢ ᠶᠢᠨ ᠦᠢᠯᠡᠴᠢᠯᠡᠭᠡᠨ ᠤ ᠴᠤᠩᠬᠤᠪᠴᠢ ᠲᠠᠰ ᠲᠠᠪᠰᠢᠯ᠎ᠠ
ᠨᠡᠶᠢᠲᠡᠯᠡᠭᠰᠡᠨ ᠴᠠᠭ᠄
2023/12/11
ᠲᠤᠮᠢᠯᠠᠭᠰᠠᠨ ᠰᠠᠯᠪᠤᠷᠢ ᠶᠢᠨ ᠦᠢᠯᠡᠴᠢᠯᠡᠭᠡᠨ ᠤ ᠴᠤᠩᠬᠤᠪᠴᠢ ᠲᠠᠰ ᠲᠠᠪᠰᠢᠯ᠎ᠠᠰᠦᠨᠢᠳ ᠪᠠᠷᠠᠭᠤᠨ ᠬᠤᠰᠢᠭᠤᠨ ᠤ ᠲᠤᠲᠤᠭᠠᠲᠤ ᠶᠢ ᠬᠠᠮᠠᠭᠠᠯᠠᠬᠤ ᠲᠤᠪᠴᠢᠶ᠎ᠠ ᠨᠢ ᠲᠤᠮᠢᠯᠠᠭᠰᠠᠨ ᠰᠠᠯᠪᠤᠷᠢ ᠶᠢᠨ ︽ᠨᠢᠬᠡ ᠦᠷᠳᠡᠭᠡᠴᠢᠯᠡᠭᠰᠡᠨ ᠬᠡᠯᠪᠡᠷᠢ︾ ᠶᠢᠨ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠵᠠᠬᠪᠤᠷ ᠢ ᠢᠳᠡᠪᠬᠢᠲᠠᠢ ᠬᠡᠷᠡᠭᠵᠢᠬᠦᠯᠵᠦ᠂ ︽ᠨᠢᠬᠡ ᠴᠤᠩᠬᠤᠪᠴᠢ ᠪᠠᠷ ᠬᠦᠯᠢᠶᠡᠨ ᠠᠪᠴᠦ ᠰᠶᠢᠳᠪᠦᠷᠢᠯᠡᠬᠦ︾᠂ ︽ᠨᠢᠬᠡ ᠴᠠᠭᠳᠠᠭ᠎ᠠ ᠤᠯᠠᠨ ᠴᠢᠳᠠᠪᠤᠷᠢ ᠳᠤ ᠮᠡᠷᠭᠡᠰᠢᠬᠦ︾ ᠵᠠᠰᠠᠭ ᠤᠨ ᠶᠠᠪᠤᠳᠠᠯ ᠤᠨ ᠰᠢᠨ᠎ᠡ ᠪᠠᠶᠢᠷᠢᠯᠠᠭᠤᠯᠤᠯᠲᠠ ᠨᠢ ᠤᠯᠠᠨ ᠲᠦᠮᠡᠨ ᠳᠤ ᠦᠢᠯᠡᠴᠢᠯᠡᠬᠦ ᠵᠠᠢ ᠶᠢ ᠤᠶᠢᠷᠠᠳᠤᠭᠤᠯᠵᠦ᠂ ᠤᠯᠠᠨ ᠲᠦᠮᠡᠨ ᠤ ᠠᠵᠢᠯ ᠶᠠᠪᠤᠳᠠᠯ ᠬᠦᠢᠴᠡᠳᠭᠡᠬᠦ ᠴᠠᠭ ᠢ ᠠᠷᠪᠢᠯᠠᠵᠦ᠂ ᠠᠷᠠᠳ ᠤᠨ ᠴᠠᠬᠳᠠᠭᠠᠨ ᠤ ᠠᠵᠢᠯ ᠶᠠᠪᠤᠳᠠᠯ ᠬᠦᠢᠴᠡᠳᠭᠡᠬᠦ ᠦᠷ᠎ᠡ ᠪᠦᠲᠦᠮᠵᠢ ᠶᠢ ᠲᠡᠭᠡᠭᠰᠢᠯᠡᠬᠦᠯᠵᠦ᠂ ᠤᠯᠠᠨ ᠲᠦᠮᠡᠨ ᠤ ᠮᠠᠭᠳᠠᠭᠠᠯ ᠰᠠᠶᠢᠰᠢᠶᠠᠯ ᠢ ᠤᠯᠵᠠᠢ᠃ᠵᠢᠷᠦᠬᠡ ᠪᠠᠯᠭᠠᠰᠤᠨ ᠤ ᠰᠠᠭᠤᠭᠠᠯᠢ ᠠᠷᠠᠳ ᠰᠦᠨ ᡁᠢ ᠸᠧᠢ ᠠᠵᠢᠯ ᠤᠨ ᠬᠠᠷᠠᠭ᠎ᠠ ᠪᠠᠷ ᠪᠠᠶᠢᠩᠭᠤ ᠭᠠᠳᠠᠭᠰᠢ ᠭᠠᠷᠳᠠᠭ ᠃ ᠡᠨᠡ ᠬᠡᠳᠦᠨ ᠡᠳᠦᠷ ᠲᠡᠷᠡ ᠵᠢᠯᠤᠭᠤᠴᠢ ᠶᠢᠨ ᠦᠨᠡᠮᠯᠡᠯ ᠢᠶᠠᠨ ᠭᠡᠭᠡᠭᠰᠡᠨ ᠲᠤᠯᠠ ᠭᠠᠳᠠᠭᠰᠢ ᠲᠤᠲᠤᠭᠰᠢ ᠶᠠᠪᠤᠬᠤ ᠳᠤ ᠲᠦᠬᠦᠮ ᠦᠬᠡᠢ ᠪᠤᠯᠵᠦ ᠭᠠᠴᠢᠭᠳᠠᠵᠦ ᠪᠠᠶᠢᠬᠤ ᠳᠤ᠂ ᠵᠢᠷᠦᠭᠡ ᠪᠠᠯᠭᠠᠰᠤᠨ ᠤ ᠲᠤᠮᠢᠯᠠᠭᠰᠠᠨ ᠰᠠᠯᠪᠤᠷᠢ ︽ᠨᠢᠬᠡ ᠦᠷᠳᠡᠭᠡᠴᠢᠯᠡᠭᠰᠡᠨ ᠬᠡᠯᠪᠡᠷᠢ︾ ᠶᠢᠨ ᠦᠢᠯᠡᠴᠢᠯᠡᠭᠡ ᠬᠠᠩᠭᠠᠵᠦ ᠪᠠᠶᠢᠬᠤ ᠶᠢ ᠰᠤᠨᠤᠰᠤᠭᠠᠳ᠂ ᠭᠠᠷ ᠬᠦᠢᠴᠡᠳᠭᠡᠯ ᠬᠢᠵᠦ ᠲᠡᠶᠢᠯᠬᠦ ᠡᠰᠡᠬᠦ ᠶᠢ ᠦᠵᠡᠬᠦ ᠪᠠᠷ ᠬᠦᠷᠦᠭᠡᠳ 30 ᠭᠠᠷᠤᠢ ᠺᠢᠯᠤᠮᠧᠲᠷ ᠵᠠᠶᠢᠳᠠᠢ ᠬᠤᠰᠢᠭᠤᠨ ᠲᠦᠪ ᠲᠤ ᠤᠴᠢᠬᠤ ᠭᠡᠷᠡᠭ ᠦᠬᠡᠢ ᠮᠦᠷᠳᠡᠭᠡᠨ ᠬᠡᠳᠦᠬᠡᠨ ᠮᠢᠨᠦ᠋ᠲ ᠲᠤ ᠵᠢᠯᠤᠭᠤᠴᠢ ᠶᠢᠨ ᠦᠨᠡᠮᠯᠡᠯ ᠢᠶᠠᠨ ᠨᠦᠬᠦᠵᠦ ᠪᠦᠷᠢᠳᠭᠡᠭᠦᠯᠦᠭᠰᠡᠨ ᠨᠢ ᠲᠡᠬᠦᠨ ᠤ ᠰᠠᠨᠠᠭᠠᠨ ᠠᠴᠠ ᠭᠠᠳᠠᠭᠤᠷ ᠶᠠᠪᠤᠳᠠᠯ ᠪᠤᠯᠵᠠᠢ᠃ᠤᠶᠢᠯᠠᠭᠠᠭᠰᠠᠨ ᠢᠶᠠᠷ᠂ ᠵᠢᠷᠦᠭᠡ ᠪᠠᠯᠭᠠᠰᠤ ᠶᠢᠨ ᠲᠤᠮᠢᠯᠠᠭᠰᠠᠨ ᠰᠠᠯᠪᠤᠷᠢ ᠪᠤᠯ ᠰᠦᠨᠢᠳ ᠪᠠᠷᠠᠭᠤᠨ ᠬᠤᠰᠢᠭᠤᠨ ᠤ ᠲᠤᠲᠤᠭᠠᠲᠤ ᠶᠢ ᠬᠠᠮᠠᠭᠠᠯᠠᠬᠤ ᠲᠤᠪᠴᠢᠶᠠᠨ ᠤ ᠲᠤᠰᠬᠠᠢ ᠫᠠᠶᠢᠰᠠ ᠡᠯᠬᠦᠭᠰᠡᠨ ︽ᠨᠢᠬᠡ ᠦᠷᠳᠡᠭᠡᠴᠢᠯᠡᠭᠰᠡᠨ ᠬᠡᠯᠪᠡᠷᠢ︾ ᠶᠢᠨ ᠲᠤᠮᠢᠯᠠᠭᠰᠠᠨ ᠰᠠᠯᠪᠤᠷᠢ ᠶᠢᠨ ᠲᠤᠲᠤᠷᠠᠬᠢ ᠨᠢᠬᠡᠨ ᠪᠤᠯᠤᠨ᠎ᠠ᠃ 2023 ᠤᠨ ᠳᠤ᠂ ᠰᠦᠨᠢᠳ ᠪᠠᠷᠠᠭᠤᠨ ᠬᠤᠰᠢᠭᠤᠨ ᠤ ᠲᠤᠲᠤᠭᠠᠲᠤ ᠶᠢ ᠬᠠᠮᠠᠭᠠᠯᠠᠬᠤ ᠲᠤᠪᠴᠢᠶ᠎ᠠ ︽ᠨᠢᠬᠡ ᠴᠤᠩᠬᠤᠪᠴᠢ ᠪᠠᠷ ᠨᠡᠶᠢᠳᠡᠮ ᠬᠦᠢᠴᠡᠳᠭᠡᠬᠦ︾ ᠦᠬᠡᠷᠡᠴᠢᠯᠡᠯᠳᠡ ᠶᠢ ᠪᠦᠬᠦ ᠲᠠᠯ᠎ᠠ ᠪᠠᠷ ᠠᠬᠢᠭᠤᠯᠵᠦ᠂ ᠲᠤᠮᠢᠯᠠᠭᠰᠠᠨ ᠰᠠᠯᠪᠤᠷᠢ ᠶᠢᠨ ᠤᠤᠯ ᠤᠨ ᠡᠷᠦᠭᠡ ᠠᠮᠠ ᠶᠢᠨ ᠲᠠᠩᠰᠠ ᠬᠦᠢᠴᠡᠳᠭᠡᠬᠦ ᠲᠤᠰᠬᠠᠢ ᠴᠤᠩᠬᠤᠪᠴᠢ ᠶᠢ ᠶᠡᠷᠦᠩᠬᠡᠶᠢᠯᠡᠭᠰᠡᠨ ᠦᠢᠯᠡᠴᠢᠯᠡᠬᠡᠨ ᠤ ᠴᠤᠩᠬᠤᠪᠴᠢ ᠪᠤᠯᠭᠠᠨ ᠲᠡᠰ ᠲᠠᠪᠰᠢᠬᠦᠯᠵᠦ᠂ ᠠᠮᠤᠷ ᠢ ᠬᠠᠮᠠᠭᠠᠯᠠᠬᠤ᠂ ᠵᠠᠮ ᠬᠠᠷᠢᠯᠴᠠᠭᠠᠨ ᠤ ᠬᠠᠮᠢᠶᠠᠷᠤᠯᠲᠠ᠂ ᠬᠢᠯᠢ ᠪᠠᠷ ᠤᠷᠤᠵᠦ ᠭᠠᠷᠬᠤ ᠵᠡᠷᠭᠡ ᠦᠨᠳᠦᠷ ᠲᠠᠪᠳᠠᠮᠵᠢᠲᠤ ᠲᠤᠬᠠᠶᠢᠯᠠᠭᠰᠠᠨ ᠠᠵᠢᠯ ᠢ ᠪᠦᠬᠦᠨ ᠢ ᠲᠤᠮᠢᠯᠠᠬᠰᠠᠨ ᠰᠠᠯᠪᠤᠷᠢ ᠳᠤ ᠬᠦᠢᠴᠡᠳᠭᠡᠬᠦ ᠪᠤᠯᠭᠠᠵᠦ᠂ ᠤᠯᠠᠨ ᠲᠦᠮᠡᠨ ᠤ ᠠᠵᠢᠯ ᠶᠠᠪᠤᠳᠠᠯ ᠬᠦᠢᠴᠡᠳᠭᠡᠬᠦ ᠳᠤ ᠭᠡᠷ ᠤᠨ ᠤᠶᠢᠷ᠎ᠠ ᠬᠠᠪᠢ ᠳᠠᠭᠠᠨ ᠬᠦᠢᠴᠡᠳᠭᠡᠬᠦ ᠶᠢ ᠪᠡᠶᠡᠯᠡᠬᠦᠯᠵᠠᠢ᠃ ᠡᠬᠦᠨ ᠤ ᠬᠠᠮᠲᠤ᠂ ᠴᠠᠭᠳᠠᠭᠠᠨ ᠤ ᠶᠠᠪᠤᠳᠠᠯ ᠤᠨ ᠡᠬᠢ ᠪᠠᠶᠠᠯᠢᠭ ᠢ ᠲᠠᠰᠤᠷᠠᠯᠳᠠ ᠦᠬᠡᠢ ᠰᠢᠯᠢᠳᠡᠭᠵᠢᠬᠦᠯᠦᠨ᠂ ᠶᠡᠷᠦᠩᠬᠡᠶᠢᠯᠡᠭᠰᠡᠨ ᠴᠤᠩᠬᠤᠪᠴᠢ ᠶᠢ ᠰᠢᠨᠵᠢᠯᠡᠬᠦ ᠤᠬᠠᠭᠠᠨᠴᠢ ᠪᠠᠷ ᠲᠤᠬᠢᠷᠠᠭᠤᠯᠵᠦ᠂ ᠲᠤᠮᠢᠯᠠᠭᠰᠠᠨ ᠰᠠᠯᠪᠤᠷᠢ ᠶᠢᠨ ᠦᠢᠯᠡᠴᠢᠯᠡᠬᠡᠨ ᠤ ᠴᠤᠩᠬᠤᠪᠴᠢ ᠶᠢᠨ ᠪᠤᠳᠠᠳᠤ ᠴᠤᠭᠴᠠ ᠶᠢᠨ ᠪᠠᠶᠢᠭᠤᠯᠤᠯᠲᠠ ᠪᠠ ᠡᠷᠭᠡ ᠮᠡᠳᠡᠯ ᠤᠨ ᠦᠢᠯᠡᠴᠢᠯᠡᠬᠡᠨ ᠤ ᠵᠦᠢᠯᠡᠰ ᠲᠤ ᠡᠷᠭᠡ ᠤᠯᠭᠤᠬᠤ ᠶᠢ ᠠᠯᠬᠤᠮ ᠠᠯᠬᠤᠮ ᠢᠶᠠᠷ ᠠᠬᠢᠭᠤᠯᠵᠦ᠂ ᠲᠤᠲᠤᠭᠠᠲᠤ ᠶᠢ ᠬᠠᠮᠠᠭᠠᠯᠠᠬᠤ ᠪᠠ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠬᠡᠯᠬᠢᠶᠡᠵᠢᠭᠰᠡᠨ ᠦᠢᠯᠡᠴᠢᠯᠡᠬᠡᠨ ᠤ ᠵᠠᠬᠪᠤᠷ ᠢ ᠪᠤᠢ ᠪᠤᠯᠭᠠᠵᠦ᠂ ᠬᠠᠷᠢᠶ᠎ᠠ ᠤᠷᠤᠨ ᠤ ᠤᠯᠠᠨ ᠲᠦᠮᠡᠨ ᠤ ᠤᠯᠠᠨ ᠶᠠᠩᠵᠦ ᠶᠢᠨ ᠬᠡᠷᠡᠭᠴᠡᠭᠡ ᠱᠠᠭᠠᠷᠳᠠᠯᠭ᠎ᠠ ᠶᠢ ᠪᠦᠲᠦᠮᠵᠢᠲᠠᠢ ᠬᠠᠩᠭᠠᠵᠦ᠂ ᠲᠤᠲᠤᠭᠠᠲᠤ ᠶᠢ ᠬᠠᠮᠠᠭᠠᠯᠠᠬᠤ ᠠᠵᠢᠯ ᠤᠨ ᠠᠷᠠᠳ ᠲᠤ ᠲᠦᠬᠦᠮ ᠦᠵᠡᠬᠦᠯᠬᠦ ᠦᠢᠯᠡᠴᠢᠯᠡᠭᠡ ᠶᠢ ᠤᠶᠢᠷ᠎ᠠ ᠬᠠᠪᠢ ᠳᠠᠭᠠᠨ ᠡᠷᠬᠢᠯᠡᠬᠦ᠂ ᠲᠦᠷᠭᠡᠨ ᠬᠦᠢᠴᠡᠳᠭᠡᠬᠦ ᠦᠢᠯᠡᠴᠢᠯᠡᠬᠡᠨ ᠤ ᠵᠤᠷᠢᠯᠳᠠ ᠪᠠᠨ ᠪᠡᠶᠡᠯᠡᠬᠦᠯᠪᠡ᠃ᠤᠳᠤᠬᠠᠨ ᠪᠤᠯᠳᠠᠯ᠎ᠠ᠂ ᠰᠦᠨᠢᠳ ᠪᠠᠷᠠᠭᠤᠨ ᠬᠤᠰᠢᠭᠤᠨ ᠤ ᠲᠤᠲᠤᠭᠠᠲᠤ ᠶᠢ ᠬᠠᠮᠠᠭᠠᠯᠠᠬᠤ ᠲᠤᠪᠴᠢᠶ᠎ᠠ ᠨᠢᠬᠡᠨᠳᠡ 50% ᠶᠢᠨ ᠲᠤᠮᠢᠯᠠᠬᠰᠠᠨ ᠰᠠᠯᠪᠤᠷᠢ ᠳᠤ ᠶᠡᠷᠦᠩᠬᠡᠶᠢᠯᠡᠭᠰᠡᠨ ᠴᠤᠩᠬᠤᠪᠴᠢ ᠲᠤᠬᠢᠷᠠᠭᠤᠯᠵᠦ᠂ ︽ᠨᠢᠬᠡ ᠦᠷᠳᠡᠭᠡᠴᠢᠯᠡᠭᠰᠡᠨ ᠬᠡᠯᠪᠡᠷᠢ︾ ᠶᠢᠨ ᠲᠤᠮᠢᠯᠠᠭᠰᠠᠨ ᠰᠠᠯᠪᠤᠷᠢ 3 ᠶᠢ ᠪᠠᠶᠢᠭᠤᠯᠵᠦ᠂ ︽ᠨᠢᠬᠡ ᠴᠤᠩᠬᠤᠪᠴᠢ ᠪᠠᠷ ᠨᠡᠶᠢᠳᠡᠮ ᠬᠦᠢᠴᠡᠳᠭᠡᠬᠦ︾ 241 ᠵᠦᠢᠯᠡᠰ ᠢ ᠢᠯᠡ ᠪᠤᠯᠭᠠᠵᠦ᠂ ︽ᠨᠢᠬᠡ ᠦᠷᠳᠡᠭᠡᠴᠢᠯᠡᠭᠰᠡᠨ ᠬᠡᠯᠪᠡᠷᠢ︾ ᠶᠢᠨ ᠲᠤᠮᠢᠯᠠᠭᠰᠠᠨ ᠰᠠᠯᠪᠤᠷᠢ ᠶᠢᠨ ᠦᠢᠯᠡᠴᠢᠯᠡᠬᠡᠨ ᠤ ᠵᠦᠢᠯᠡᠰ 49 ᠶᠢ ᠰᠢᠨ᠎ᠡ ᠪᠠᠷ ᠨᠡᠮᠡᠪᠡ᠃ ᠡᠬᠦᠨ ᠳᠤ ᠠᠮᠤᠷ ᠢ ᠬᠠᠮᠠᠭᠠᠯᠠᠬᠤ ᠲᠦᠷᠦᠯ ᠤᠨ 3 ᠵᠦᠢᠯᠡᠰ᠂ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠲᠦᠷᠦᠯ ᠤᠨ 42 ᠵᠦᠢᠯᠡᠰ᠂ ᠬᠢᠯᠢ ᠪᠠᠷ ᠤᠷᠤᠵᠦ ᠭᠠᠷᠬᠤ ᠲᠦᠷᠦᠯ ᠤᠨ 4 ᠵᠦᠢᠯᠡᠰ ᠪᠤᠢ᠃
 
ᠢᠷᠡᠯᠲᠡ᠄ ᠰᠢᠯᠢ ᠶᠢᠨ ᠭᠤᠤᠯ ᠤᠨ ᠮᠤᠩᠭᠤᠯ ᠰᠤᠨᠢᠨ ᠮᠡᠳᠡᠭᠡᠨ ᠤ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号