ᠤᠯᠠᠭᠠᠶ ᠬᠢᠯᠢ ᠶᠢᠨ ᠬᠠᠮᠢᠶᠠᠷᠤᠯᠲᠠ ᠶᠢᠨ ᠶᠡᠭᠡ ᠠᠩᠭᠢ 60 ᠭᠠᠷᠤᠢ ᠬᠤᠪᠢ ᠬᠡᠷᠡᠭ ᠢ ᠢᠯᠡᠷᠡᠬᠦᠯᠥᠨ ᠰᠶᠢᠳᠪᠤᠷᠢᠯᠡᠵᠥ ᠬᠠᠷᠢᠶᠠᠲᠤ ᠤᠷᠤᠨ ᠤ ᠠᠮᠤᠷ ᠲᠤᠭᠲᠠᠭᠤᠨ ᠢ ᠬᠥᠴᠥᠲᠡᠢ ᠬᠠᠮᠠᠭᠠᠯᠠᠵᠥ ᠪᠠᠶᠢᠨ᠎ᠠ
ᠨᠡᠶᠢᠲᠡᠯᠡᠭᠰᠡᠨ ᠴᠠᠭ᠄
2023/12/21
ᠤᠯᠠᠭᠠᠶ ᠬᠢᠯᠢ ᠶᠢᠨ ᠬᠠᠮᠢᠶᠠᠷᠤᠯᠲᠠ ᠶᠢᠨ ᠶᠡᠭᠡ ᠠᠩᠭᠢ 60 ᠭᠠᠷᠤᠢ ᠬᠤᠪᠢ ᠬᠡᠷᠡᠭ ᠢ ᠢᠯᠡᠷᠡᠬᠦᠯᠥᠨ ᠰᠶᠢᠳᠪᠤᠷᠢᠯᠡᠵᠥ ᠬᠠᠷᠢᠶᠠᠲᠤ ᠤᠷᠤᠨ ᠤ ᠠᠮᠤᠷ ᠲᠤᠭᠲᠠᠭᠤᠨ ᠢ ᠬᠥᠴᠥᠲᠡᠢ ᠬᠠᠮᠠᠭᠠᠯᠠᠵᠥ ᠪᠠᠶᠢᠨ᠎ᠠᠪᠠᠶᠠᠨᠬᠤᠰᠢᠭᠤ ᠶᠢᠨ ᠮᠡᠲᠡᠭᠡ ︽ᠬᠢᠯᠢ ᠶᠢᠨ ᠬᠠᠮᠢᠶᠠᠷᠤᠯᠲᠠ ᠶᠢᠨ ᠶᠡᠭᠡ ᠠᠩᠭᠢ ᠶᠢᠨ ᠬᠠᠪᠰᠤᠷᠤᠯᠭ᠎ᠠ ᠪᠠᠷ ᠪᠢ ᠮᠡᠭᠡᠯᠡᠭᠳᠡᠭᠰᠡᠨ ᠵᠤᠭᠤᠰ ᠢᠶᠠᠨ ᠤᠯᠤᠭᠠᠳ ᠠᠪᠤᠴᠢᠬᠠᠯ᠎ᠠ᠂ ᠬᠢᠯᠢ ᠶᠢᠨ ᠬᠠᠮᠢᠶᠠᠷᠤᠯᠲᠠ ᠶᠢᠨ ᠶᠡᠭᠡ ᠠᠩᠭᠢ ᠶᠢᠨ ᠬᠢᠨ ᠨᠠᠳᠠ ᠲᠠᠢ ᠠᠳᠠᠯᠢ ᠬᠡᠴᠢᠨᠡᠨ ᠤᠯᠠᠨ ᠬᠥᠮᠥᠨ ᠤ ᠬᠦᠴᠢᠷᠳᠡᠯ ᠢ ᠰᠶᠢᠳᠪᠦᠷᠢᠯᠡᠵᠤ ᠦᠭᠭᠦᠭᠰᠡᠨ ᠢ ᠪᠤᠤ ᠮᠡᠳᠡ︾ ᠭᠡᠵᠤ ᠤᠯᠠᠭᠠᠢ ᠬᠠᠮᠢᠶᠠᠷᠤᠯᠳᠠ ᠶᠢᠨ ᠤᠷᠤᠨ ᠤ ᠬᠡᠰᠡᠭᠭᠭᠤᠯᠠ ᠮᠠᠯᠵᠢᠯ ᠤᠨ ᠳᠠᠯᠠᠪᠠᠢ ᠶᠢᠨ ᠨᠢᠭᠡᠨ ᠪᠠᠭᠤᠳᠠᠯ ᠤᠨ ᠡᠵᠡᠨᠳᠡᠡ ᠵᠢᠶᠠ ᠤᠪᠤᠬᠳᠤ ᠰᠡᠳᠬᠢᠯ ᠳᠤᠬᠳᠤᠯᠤᠨ ᠶᠠᠷᠢᠨ᠎ᠠ᠃9 ᠰᠠᠷ᠎ᠠ ᠶᠢᠨ ᠦᠶ᠎ᠠ ᠪᠠᠷ ᠬᠡᠰᠡᠭᠭᠭᠤᠯᠠ ᠬᠢᠯᠢ ᠶᠢᠨ ᠲᠣᠮᠢᠯᠠᠭᠰᠠᠨ ᠰᠠᠯᠪᠤᠷᠢ ᠶᠢᠨ ᠬᠢᠨ ᠬᠠᠷᠢᠶᠠᠲᠤ ᠣᠷᠣᠨ ᠤ ᠰᠠᠭᠤᠭᠠᠯᠢ ᠠᠷᠠᠳ ᠵᠢᠶᠠ ᠣᠪᠣᠭᠲᠤ ᠶᠢᠨ ᠭᠠᠷ ᠤᠳᠠᠰᠤ ᠪᠠᠷ ᠵᠤᠭᠤᠰ ᠢᠶᠠᠨ ᠮᠡᠭᠡᠯᠡᠭᠲᠡᠭᠰᠡᠨ ᠬᠡᠷᠡᠭ ᠮᠡᠳᠡᠭᠦᠯᠦᠯᠲᠡ ᠶᠢᠨ ᠤᠲᠠᠰᠤ ᠶᠢ ᠲᠤᠰᠪᠠ᠃ ᠲᠤᠬᠠᠶ ᠶᠢᠨ ᠡᠳᠦᠷ᠂ ᠪᠠᠭᠤᠳᠠᠯ ᠡᠵᠡᠩᠨᠡᠵᠦ ᠪᠠᠶᠢᠭᠰᠠᠨ ᠵᠢᠶᠠ ᠣᠪᠣᠭᠲᠤ ᠸᠢᠴᠠᠲ ᠲᠡᠭᠡᠷ᠎ᠠ ᠪᠠᠨ ᠥᠷᠥᠭᠡ ᠵᠠᠬᠢᠶᠠᠯᠠᠬᠤ ᠭᠡᠰᠡᠨ ᠨᠢᠭᠡᠨ ᠥᠯᠥ ᠲᠠᠨᠢᠬᠤ ᠬᠥᠮᠥᠨ ᠤ ᠡᠷᠡᠮᠡᠯᠵᠡᠯ ᠢ ᠲᠤᠰᠴᠠᠢ᠂ ᠵᠢᠶᠠ ᠤᠪᠤᠭᠲᠤ ᠡᠷᠡᠮᠡᠯᠵᠡᠯ ᠢ ᠵᠦᠪᠰᠢᠶᠡᠷᠡᠭᠰᠡᠨ ᠤ ᠳᠠᠷᠠᠭ᠎ᠠ᠂ ᠨᠥᠭᠦᠭᠡ ᠡᠲᠡᠭᠡᠳ ᠨᠢ ᠸᠢᠴᠠᠲ ᠤᠲᠠᠰᠤ ᠢᠷᠡᠭᠦᠯᠵᠦ᠂ 5 ᠪᠠᠷᠢᠮᠵᠢᠶᠠᠲᠤ ᠲᠠᠰᠤᠯᠭ᠎ᠠ ᠵᠠᠬᠢᠶᠠᠯᠠᠨ᠎ᠠ ᠭᠡᠰᠡᠨ ᠪᠥᠭᠡᠳ ᠰᠠᠨᠠᠭᠠᠴᠢᠯᠠᠭ᠎ᠠ ᠠᠴᠠ ᠪᠠᠨ ᠸᠢᠴᠠᠲ ᠢᠶᠠᠷ ᠪᠣᠯᠵᠣᠭᠠᠨ ᠤ ᠮᠥᠩᠭᠦ ᠪᠠᠨ ᠲᠤᠰᠢᠶᠠᠨ᠎ᠠ ᠭᠡᠵᠥ ᠬᠡᠯᠡᠯᠴᠡᠵᠥ ᠲᠤᠬᠢᠷᠠᠵᠠᠢ᠃ ᠨᠠᠭᠠᠰᠢ ᠮᠥᠡᠭᠭᠦ ᠰᠢᠯᠵᠢᠭᠦᠯᠬᠦ ᠦᠶ᠎ᠡ ᠳᠤ᠂ ᠨᠥᠭᠦᠭᠡ ᠡᠲᠡᠭᠡᠳ ᠨᠢ ᠬᠠᠷᠢᠨ ᠸᠢᠴᠠᠲ ᠨᠢ ᠲᠣᠭᠠᠴᠠᠭ᠎ᠠ ᠬᠢᠬᠦ ᠬᠢᠵᠠᠭᠠᠷ ᠲᠠᠭᠠᠨ ᠬᠥᠷᠥᠭᠰᠡᠨ ᠪᠤᠯᠬᠤᠷ ᠸᠢᠳᠢᠣ᠋ ᠬᠠᠷᠢᠯᠴᠠᠭ᠎ᠠ ᠪᠠᠷ ᡁᠢ ᠹᠦ ᠪᠤᠤ ᠶᠢᠨ ᠵᠣᠭᠤᠰ ᠬᠤᠷᠢᠶᠠᠬᠤ ᠺᠤᠳ᠋ ᠢ ᠰᠢᠷᠪᠢᠵᠦ ᠮᠥᠩᠭᠦ ᠪᠠᠨ ᠲᠤᠰᠢᠶᠠᠶ᠎ᠠ ᠭᠡᠰᠡᠨ ᠳᠤ ᠵᠢᠶᠠ ᠣᠪᠣᠭᠲᠤ ᠶᠠᠮᠠᠷᠴᠥ ᠡᠷᠡᠭᠡᠯᠵᠡᠯ ᠥᠭᠡᠢ ᠵᠦᠪᠰᠢᠶᠡᠷᠡᠪᠠ᠃ ᠬᠡᠪᠡᠴᠥ ᠮᠥᠡᠭᠭᠦ ᠰᠢᠯᠵᠢᠬᠦᠯᠬᠦ ᠶᠠᠪᠤᠴᠠ ᠳᠤ ᠨᠦᠭᠦᠭᠡ ᠡᠲᠡᠭᠡᠳ ᠤᠨ ᠰᠠᠨᠠᠭᠤᠯᠤᠮᠵᠢ ᠪᠠᠷ ᡁᠢ ᠹᠦ ᠪᠤᠤ ᠶᠢᠨ ᠵᠤᠭᠤᠰ ᠬᠤᠷᠢᠶᠠᠬᠤ ᠺᠤᠳ᠋ ᠢ ᠰᠢᠷᠪᠢᠭᠰᠡᠨ ᠳᠤ ᠴᠠᠭᠠᠨ᠎ᠠ ᠠᠴᠠ ᠨᠢ ᠬᠠᠷᠢᠨ ᠬᠡᠨᠡᠳᠲᠠ ᠤᠲᠠᠰᠤ ᠶᠢ ᠲᠠᠰᠤᠯᠳᠠᠭᠤᠯᠵᠦ᠂ ᠵᠢᠶᠠ ᠤᠪᠤᠭᠲᠤ ᠶᠢ ᠬᠠᠷ᠎ᠠ ᠳᠠᠩᠰᠠᠨ ᠳᠤ ᠤᠷᠤᠭᠤᠯᠵᠥ᠂ ᠵᠠᠯᠭᠠᠭᠠᠳ ᡁᠢ ᠹᠦ ᠪᠤᠤ ᠳᠡᠭᠡᠷ᠎ᠡ ᠨᠢ ᠵᠢᠷᠭᠤᠭᠠᠨ ᠬᠤᠪᠢ ᠬᠡᠷᠡᠭᠯᠡᠭᠡ ᠬᠢᠭᠰᠡᠨ ᠮᠡᠳᠡᠭᠡ ᠢᠷᠡᠭᠰᠡᠨ ᠳᠤ ᠵᠢᠶᠠ ᠤᠪᠤᠭᠲᠤ ᠰᠠᠶ᠋ᠢ ᠮᠡᠬᠡᠯᠡᠭᠳᠡᠭᠰᠡᠨ ᠢᠶᠠᠨ ᠮᠡᠲᠡᠵᠥ᠂ ᠴᠠᠭᠳᠠᠭ᠎ᠠ ᠳᠤ ᠬᠡᠷᠡᠭ ᠮᠡᠳᠡᠭᠦᠯᠦᠭᠰᠡᠨ ᠪᠠᠶᠢᠵᠠᠢ᠃ᠠᠩᠬ᠎ᠠ ᠠᠯᠬᠤᠮ ᠤᠨ ᠬᠠᠷᠭᠤᠭᠤᠯᠤᠨ ᠪᠠᠶᠢᠴᠠᠭᠠᠬᠤ ᠪᠠᠷ ᠳᠠᠮᠵᠢᠨ᠂ ᠵᠢᠶᠠ ᠤᠪᠤᠭᠲᠤ ᠶᠢᠨ ᡁᠢ ᠹᠦ ᠪᠤᠤ ᠲᠡᠭᠡᠷᠡᠬᠢ ᠵᠢᠷᠭᠤᠭᠠᠨ ᠬᠤᠪᠢ ᠬᠡᠷᠡᠭᠯᠡᠭᠡ ᠶᠢᠨ ᠵᠣᠭᠤᠰ ᠬᠤᠷᠢᠶᠠᠭᠰᠠᠨ ᠲᠠᠯ᠎ᠠ ᠨᠢ ᠴᠥᠮ ᠬᠠᠶ ᠨᠢᠩ ᠬᠤᠲᠠ ᠶᠢᠨ ᠨᠢᠭᠡᠨ ᠠᠷᠠᠯᠵᠢᠶ᠎ᠠ ᠬᠤᠳᠠᠯᠳᠤᠭᠠᠨ ᠤ ᠬᠢᠵᠠᠭᠠᠷᠲᠤ ᠺᠣᠮᠫᠠᠨᠢ ᠪᠣᠯᠬᠤ ᠶᠢ ᠢᠯᠡᠷᠡᠭᠦᠯᠵᠡᠢ᠃ ᠠᠷᠠᠳ ᠤᠨ ᠴᠠᠭᠳᠠᠭ᠎ᠠ ᠨᠠᠷ ᠲᠡᠷᠡ ᠳᠠᠷᠤᠶ ᠳᠤᠨᠢ ᠵᠧᠵᠢᠶᠠᠩ ᠮᠤᠵᠢ ᠶᠢᠨ ᠬᠠᠶ ᠨᠢᠩ ᠬᠤᠲᠠ ᠳᠤ ᠬᠦᠷᠴᠦ᠂ ᠬᠡᠷᠡᠭ ᠤᠨ ᠰᠦᠪᠡᠭᠴᠢ ᠶᠢ ᠬᠢᠨᠠᠨ ᠪᠠᠶᠢᠴᠠᠭᠠᠵᠦ᠂ ᠬᠢᠨᠠᠨ ᠡᠵᠡᠮᠳᠡᠬᠦᠷ ᠤᠨ ᠳᠦᠷᠰᠦ ᠰᠢᠩᠭᠡᠭᠡᠯᠲᠡ ᠪᠠᠷ ᠳᠠᠮᠵᠢᠭᠤᠯᠤᠨ ᠶᠠᠯ᠎ᠠ ᠬᠢᠭᠰᠡᠨ ᠰᠡᠵᠢᠭᠳᠡᠨ ᠹᠠᠨ ᠣᠪᠣᠭᠲᠤ ᠶᠢ ᠪᠠᠶᠢᠴᠠᠭᠠᠨ ᠳᠣᠲᠣᠯᠠᠵᠤ᠂ 10 ᠰᠠᠷ᠎ᠠ ᠶᠢᠨ 2᠎ ᠤᠨ ᠡᠳᠦᠷ ᠬᠤᠨᠠᠨ ᠮᠤᠵᠢ ᠶᠢᠨ ᠴᠠᠩᠨᠢᠩ ᠬᠤᠲᠠ ᠳᠤ ᠪᠠᠷᠢᠪᠴᠢᠯᠠᠪᠠ᠃ ᠴᠠᠭᠳᠠᠭᠠᠨ ᠤ ᠲᠠᠯ᠎ᠠ ᠶᠢᠨ ᠬᠢᠨ ᠹᠠᠨ ᠣᠪᠣᠭᠲᠤ ᠪᠠᠷ ᠰᠢᠪᠲᠤᠯᠤᠯᠲᠠ ᠶᠢᠨ ᠴᠡᠭ ᠪᠣᠯᠭᠠᠵᠤ᠂ ᠤᠷᠢᠳ ᠬᠤᠵᠢᠳ ᠠᠨᠾᠦ᠋ᠢ᠂ ᠬᠤᠨᠠᠨ᠂ ᠱᠠᠨᠳᠦ᠋ᠩ ᠵᠡᠷᠭᠡ ᠭᠠᠵᠠᠷ ᠢᠶᠠᠷ ᠬᠥᠷᠴᠥ᠂ ᠲᠤᠰ ᠶᠠᠯᠠᠲᠤ ᠪᠦᠯᠦᠭ ᠤᠨ ᠰᠡᠵᠢᠭᠲᠡᠨ ᠢ ᠪᠦᠬᠦᠨ ᠢ ᠪᠠᠷᠢᠪᠴᠢᠯᠠᠵᠤ᠂ ᠣᠳᠣᠬᠠᠨ ᠳᠤ ᠲᠤᠰ ᠬᠡᠷᠡᠭ ᠢ ᠤᠯᠠᠮ ᠨᠢᠭᠡ ᠠᠯᠬᠤᠮ ᠰᠶᠢᠳᠪᠦᠷᠢᠯᠡᠵᠦ ᠪᠤᠢ᠃ᠤᠯᠠᠭᠠᠢ ᠬᠢᠯᠢ ᠶᠢᠨ ᠬᠠᠮᠢᠶᠠᠷᠤᠯᠲᠠ ᠶᠢᠨ ᠶᠡᠭᠡ ᠠᠩᠭᠢ ᠠᠷᠠᠳ ᠤᠯᠠᠨ ᠤ ᠬᠡᠷᠡᠭ ᠮᠡᠲᠡᠬᠦᠯᠥᠯᠲᠡ ᠳᠤ ᠲᠦᠷᠭᠡᠨ ᠬᠠᠷᠢᠭᠤ ᠲᠤᠰᠬᠠᠯ ᠦᠭᠴᠥ ᠰᠶᠢᠳᠪᠤᠷᠢᠯᠡᠬᠦ ᠠᠴᠠ ᠭᠠᠳᠠᠨ᠎ᠠ ᠪᠠᠰᠠ ︽ᠪᠢ ᠤᠯᠠᠨ ᠲᠦᠮᠡᠨ ᠳᠤ ᠪᠤᠳᠠᠳᠤ ᠶᠠᠪᠤᠳᠠᠯ ᠬᠢᠵᠦ ᠦᠭᠬᠦᠨ᠎ᠠ︾ ᠭᠡᠬᠦ ᠭᠤᠤᠯ ᠰᠡᠲᠤᠪ ᠢᠶᠠᠷ ᠭᠠᠷᠳᠠᠴᠠ ᠪᠤᠯᠭᠠᠨ᠂ ᠬᠤᠯᠠᠭᠠᠢ ᠶᠢ ᠰᠡᠷᠭᠡᠶᠢᠯᠡᠬᠦ᠂ ᠰᠦᠯᠵᠢᠶᠡᠨ ᠮᠡᠬᠡᠯᠡᠯ ᠢ ᠰᠡᠷᠭᠡᠶᠢᠯᠡᠬᠦ᠂ ᠬᠤᠤᠷ ᠴᠠᠭᠠᠵᠠᠯᠠᠬᠤ᠂ ᠬᠠᠤᠯᠢ ᠴᠠᠭᠠᠵᠠ ᠶᠢᠨ ᠮᠡᠳᠡᠯᠭᠡ ᠲᠦᠭᠡᠮᠡᠯᠵᠢᠭᠦᠯᠬᠦ ᠵᠡᠷᠭᠡ ᠤᠬᠠᠭᠤᠯᠭ᠎ᠠ ᠶᠢ ᠲᠤᠭᠲᠠᠭᠰᠠᠨ ᠬᠤᠭᠤᠴᠠᠭ᠎ᠠ ᠲᠠᠢ ᠶᠠᠪᠤᠭᠲᠠᠭᠤᠯᠬᠤ᠂ ᠶᠡᠭᠡ ᠬᠡᠷᠡᠭ ᠢ ᠲᠦᠷᠭᠡᠨ ᠢᠯᠡᠷᠡᠭᠦᠯᠵᠤ᠂ ᠪᠠᠭ᠎ᠠ ᠬᠡᠷᠡᠭ ᠢ ᠢᠯᠡᠭᠦᠦ ᠢᠯᠡᠴᠢᠯᠡᠬᠦ ᠵᠤᠷᠢᠯᠳᠠ ᠪᠠᠷ ᠣᠯᠠᠨ ᠲᠦᠮᠡᠨ ᠤ ᠲᠤᠰᠬᠠᠯ ᠶᠡᠬᠡᠲᠡᠶ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠠᠵᠢᠯᠯᠠᠭ᠎ᠠ ᠶᠢ ᠢᠲᠡᠪᠬᠢᠲᠡᠢ ᠥᠷᠨᠢᠬᠦᠯᠵᠥ ᠢᠷᠡᠵᠡᠢ᠃ ᠪᠦᠷᠢᠳᠬᠡᠯ ᠢ ᠦᠨᠳᠦᠰᠦᠯᠡᠪᠡᠯ᠂ ᠵᠢᠯ ᠤᠨ ᠡᠬᠢᠨ ᠠᠴᠠ ᠨᠠᠭᠠᠰᠢ᠂ 17 ᠬᠤᠪᠢ ᠡᠷᠡᠭᠦᠦ ᠶᠢᠨ ᠬᠡᠷᠡᠭ ᠢ ᠢᠯᠡᠷᠡᠭᠦᠯᠵᠦ᠂ 33 ᠬᠥᠮᠥᠨ ᠳᠤ ᠴᠣᠬᠢᠯᠲᠠ ᠥᠭᠴᠦ ᠰᠶᠢᠳᠪᠤᠷᠢᠯᠡᠪᠡ᠃ ᠠᠮᠤᠷ ᠲᠥᠪᠰᠢᠨ ᠤ ᠬᠡᠷᠡᠭ ᠢ 49 ᠬᠤᠪᠢ ᠢᠯᠡᠷᠡᠬᠦᠯᠥᠨ ᠰᠶᠢᠳᠪᠤᠷᠢᠯᠡᠵᠥ᠂ 39 ᠬᠥᠮᠥᠨ ᠳᠤ ᠴᠤᠬᠢᠯᠲᠠ ᠥᠭᠴᠥ ᠰᠶᠢᠳᠪᠤᠷᠢᠯᠡᠵᠥ᠂ ᠤᠷᠭᠤᠨ ᠳᠤᠲᠠᠭᠠᠭᠰᠠᠨ 5 ᠬᠦᠮᠦᠨ ᠢ ᠪᠠᠷᠢᠪᠴᠢᠯᠠᠵᠤ᠂ ᠬᠠᠷᠢᠶᠠᠲᠤ ᠤᠷᠤᠨ ᠤ ᠠᠮᠤᠷ ᠲᠣᠭᠲᠠᠭᠤᠨ ᠪᠠᠶᠢᠳᠠᠯ ᠢ ᠬᠦᠴᠦᠲᠡᠢ ᠬᠠᠮᠠᠭᠠᠯᠠᠭᠰᠠᠨ ᠪᠠᠶᠢᠨ᠎ᠠ᠃ ︵ᠴᠢᠮᠡᠭᠡᠯᠡᠭᠴᠢ ᠬᠡᠷᠡᠯᠴᠤᠭᠲᠤ ᠪᠢ ᠵᠢᠶᠠ ᠭᠠᠨᠭ᠌︶
 
ᠢᠷᠡᠯᠲᠡ᠄ ᠰᠢᠯᠢ ᠶᠢᠨ ᠭᠤᠤᠯ ᠤᠨ ᠮᠤᠩᠭᠤᠯ ᠰᠤᠨᠢᠨ ᠮᠡᠳᠡᠭᠡᠨ ᠤ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号