ᠰᠢᠯᠢ ᠶᠢᠨ ᠭᠤᠣᠯ ᠠᠶᠢᠮᠠᠭ ᠨᠡᠭᠦᠳᠡᠯ ᠬᠥᠮᠥᠨ ᠠᠮᠠ ᠶᠢᠨ ᠠᠵᠢᠯᠲᠠᠨ ᠤ ᠶᠠᠪᠤᠳᠠᠯ ᠤᠨ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠦᠢᠯᠡᠴᠢᠯᠡᠭᠡ ᠶᠢ ᠰᠦᠯᠵᠢᠶᠡᠨ ᠳᠡᠭᠡᠷ᠎ᠡ ᠭᠦᠢᠴᠡᠳᠬᠡᠬᠦ ᠶᠢ ᠪᠡᠶᠡᠯᠡᠭᠦᠯᠵᠡᠢ
ᠨᠡᠶᠢᠲᠡᠯᠡᠭᠰᠡᠨ ᠴᠠᠭ᠄
2023/12/21
ᠰᠢᠯᠢ ᠶᠢᠨ ᠭᠤᠣᠯ ᠠᠶᠢᠮᠠᠭ ᠨᠡᠭᠦᠳᠡᠯ ᠬᠥᠮᠥᠨ ᠠᠮᠠ ᠶᠢᠨ ᠠᠵᠢᠯᠲᠠᠨ ᠤ ᠶᠠᠪᠤᠳᠠᠯ ᠤᠨ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠦᠢᠯᠡᠴᠢᠯᠡᠭᠡ ᠶᠢ ᠰᠦᠯᠵᠢᠶᠡᠨ ᠳᠡᠭᠡᠷ᠎ᠡ ᠭᠦᠢᠴᠡᠳᠬᠡᠬᠦ ᠶᠢ ᠪᠡᠶᠡᠯᠡᠭᠦᠯᠵᠡᠢᠰᠢᠯᠢ ᠶᠢᠨ ᠭᠤᠣᠯ ᠠᠶᠢᠮᠠᠭ ᠬᠥᠮᠥᠨ ᠬᠡᠷᠡᠭᠯᠡᠬᠦ ᠨᠢᠭᠡᠴᠢ ᠪᠣᠯᠣᠨ ᠨᠡᠭᠦᠳᠡᠯ ᠬᠥᠮᠥᠨ ᠠᠮᠠ ᠳᠤ ᠦᠢᠯᠡᠴᠢᠯᠡᠵᠦ᠂ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠦᠢᠯᠡᠴᠢᠯᠡᠭᠡ ᠬᠢᠭᠡᠳ ᠮᠡᠳᠡᠭᠡ ᠵᠠᠩᠭᠢ ᠶᠢᠨ ᠮᠡᠷᠭᠡᠵᠢᠯ᠂ ᠢᠨᠲ᠋ᠧᠷ ᠰᠦᠯᠵᠢᠶᠡᠨ ᠤ ᠮᠡᠷᠭᠡᠵᠢᠯ ᠤᠨ ᠠᠭᠤᠰᠤᠯᠴᠠᠬᠤ ᠶᠢ ᠠᠬᠢᠭᠤᠯᠬᠤ ᠶᠢᠨ ᠲᠥᠯᠥᠭᠡ᠂ ︽ᠲᠤᠭ᠎ᠠ ᠬᠡᠮᠵᠢᠭᠳᠡᠯ ᠢ ᠳᠡᠭᠡᠭᠰᠢ ᠲᠥᠪᠯᠡᠷᠡᠭᠦᠯᠵᠦ᠂ ᠦᠢᠯᠡᠴᠢᠯᠡᠭᠡ ᠶᠢ ᠦᠨᠳᠦᠰᠦᠨ ᠱᠠᠲᠤᠨ ᠳᠤ ᠭᠦᠨᠵᠡᠭᠡᠶᠢᠷᠡᠭᠦᠯᠬᠦ︾᠎ ᠶᠢ ᠪᠣᠳᠠᠲᠠᠶᠢᠵᠢᠭᠤᠯᠤᠨ᠂ ᠨᠡᠭᠦᠳᠡᠯ ᠬᠥᠮᠥᠨ ᠠᠮᠠ ᠶᠢᠨ ᠠᠵᠢᠯᠲᠠᠨ ᠤ ᠶᠠᠪᠤᠳᠠᠯ ᠤᠨ ᠲᠠᠩᠰᠠ ᠡᠪᠬᠡᠮᠡᠯ ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠠᠬᠢᠭᠤᠯᠵᠤ᠂ ᠨᠡᠭᠦᠳᠡᠯ ᠬᠥᠮᠥᠰ ᠤᠨ ᠠᠵᠢᠯᠲᠠᠨ ᠤ ᠶᠠᠪᠤᠳᠠᠯ ᠤᠨ ᠲᠠᠩᠰᠠ ᠡᠪᠬᠡᠮᠡᠯ ᠤᠨ ᠣᠯᠠᠨ ᠨᠡᠶᠢᠲᠡ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ ᠲᠦᠪᠰᠢᠨ ᠢ ᠲᠠᠰᠤᠷᠠᠯᠳᠠ ᠦᠭᠡᠢ ᠲᠡᠭᠡᠭᠰᠢᠯᠡᠭᠦᠯᠵᠦ ᠪᠤᠢ᠃ ᠰᠢᠯᠢ ᠶᠢᠨ ᠭᠤᠣᠯ ᠠᠶᠢᠮᠠᠭ ᠲᠤᠰᠬᠠᠢ ᠪᠠᠶᠢᠴᠠᠭᠠᠨ ᠰᠤᠳᠤᠯᠵᠤ᠂ ᠪᠦᠭᠦ ᠠᠶᠢᠮᠠᠭ ᠤᠨ ᠬᠡᠪᠴᠢᠶᠡᠨ ᠳᠤ ᠪᠣᠯᠪᠠᠰᠤᠷᠠᠯ ᠥᠷᠨᠢᠭᠦᠯᠦᠨ᠂ ᠬᠤᠰᠢᠭᠤ ᠰᠢᠶᠠᠨ ᠤ ᠲᠠᠩᠰᠠ ᠡᠪᠬᠡᠮᠡᠯ ᠤᠨ ᠠᠵᠢᠯ ᠢ ᠵᠢᠯᠤᠭᠤᠳᠬᠤ ᠶᠢᠨ ᠬᠠᠮᠲᠤ ᠰᠢᠰᠲ᠋ᠧᠮ ᠤᠨ ᠬᠠᠮᠢᠶᠠᠷᠤᠭᠴᠢ ᠶᠢᠨ ᠲᠠᠩᠰᠠᠨ ᠨᠣᠮᠧᠷ ᠢ ᠬᠤᠪᠢᠶᠠᠷᠢᠯᠠᠬᠤ ᠵᠡᠷᠭᠡ ᠪᠠᠷ ᠳᠠᠮᠵᠢᠭᠤᠯᠤᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠭᠦᠳᠡᠯ ᠬᠥᠮᠥᠨ ᠠᠮᠠ ᠶᠢᠨ ᠠᠵᠢᠯᠲᠠᠨ ᠤ ᠶᠠᠪᠤᠳᠠᠯ ᠤᠨ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠰᠢᠰᠲ᠋ᠧᠮ︾᠎ ᠢ ᠰᠦᠯᠵᠢᠶᠡᠨ ᠳᠤ ᠭᠠᠷᠭᠠᠬᠤ ᠶᠢ ᠠᠬᠢᠭᠤᠯᠪᠠ᠃ ᠡᠯ᠎ᠡ ᠭᠠᠵᠠᠷ ᠤᠨ ᠨᠡᠭᠦᠳᠡᠯ ᠬᠥᠮᠥᠨ ᠠᠮᠠ ᠶᠢᠨ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠰᠢᠰᠲ᠋ᠧᠮ ᠤᠨ ᠵᠣᠬᠢᠶᠠᠮᠠᠯ ᠬᠥᠮᠥᠷᠭᠡ ᠪᠠᠶᠢᠭᠤᠯᠬᠤ᠂ ᠲᠤᠬᠠᠶᠢᠯᠠᠭᠰᠠᠨ ᠠᠵᠢᠯ ᠤᠨ ᠬᠦᠰᠦᠨᠦᠭ ᠢ ᠰᠢᠨᠡᠳᠬᠡᠬᠦ ᠵᠢᠴᠢ ᠰᠠᠭᠤᠷᠢ ᠲᠤᠭ᠎ᠠ ᠪᠠᠷᠢᠮᠲᠠ ᠴᠤᠭᠯᠠᠭᠤᠯᠬᠤ ᠵᠡᠷᠭᠡ ᠠᠵᠢᠯ ᠢ ᠪᠡᠶᠡᠯᠡᠭᠦᠯᠬᠦ ᠶᠢ ᠳᠠᠭᠠᠯᠳᠤᠨ᠂ ᠡᠯ᠎ᠡ ᠬᠤᠰᠢᠭᠤ ᠰᠢᠶᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠭᠦᠳᠡᠯ ᠬᠥᠮᠥᠨ ᠠᠮᠠ ᠶᠢᠨ ᠠᠵᠢᠯᠲᠠᠨ ᠤ ᠶᠠᠪᠤᠳᠠᠯ ᠤᠨ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠰᠢᠰᠲ᠋ᠧᠮ︾᠎ ᠢ ᠰᠦᠯᠵᠢᠶᠡᠨ ᠳᠤ ᠭᠠᠷᠭᠠᠭᠰᠠᠨ ᠪᠥᠭᠡᠳ ᠰᠦᠯᠵᠢᠶᠡᠨ ᠳᠤ ᠭᠠᠷᠭᠠᠬᠤ ᠡᠭᠦᠷᠭᠡ ᠶᠢ 2 ᠰᠠᠷ᠎ᠠ ᠤᠷᠢᠳᠴᠢᠯᠠᠨ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠪᠦᠭᠦ ᠣᠷᠣᠨ ᠪᠦᠰᠡ ᠪᠠᠷ ᠰᠦᠯᠵᠢᠶᠡᠨ ᠳᠤ ᠭᠠᠷᠬᠤ ᠶᠢ ᠪᠡᠶᠡᠯᠡᠭᠦᠯᠦᠭᠰᠡᠨ ᠭᠤᠷᠪᠠᠳᠠᠭᠢ ᠠᠶᠢᠮᠠᠭ ᠬᠤᠲᠠ ᠪᠣᠯᠵᠠᠢ᠃ ︽ᠲᠤᠰ ᠰᠢᠰᠲ᠋ᠧᠮ ᠤᠨ ᠰᠦᠯᠵᠢᠶᠡᠨ ᠳᠤ ᠭᠠᠷᠴᠤ ᠬᠡᠷᠡᠭᠯᠡᠯᠲᠡ ᠳᠤ ᠣᠷᠣᠭᠰᠠᠨ ᠨᠢ ᠲᠤᠭ᠎ᠠ ᠪᠠᠷᠢᠮᠲᠠ ᠶᠢ ᠮᠤᠵᠢ ᠶᠢᠨ ᠱᠠᠲᠤᠨ ᠤ ᠳ᠋ᠠᠶᠢᠲ᠋ᠠ ᠬᠥᠮᠥᠷᠭᠡ ᠳᠤ ᠵᠡᠷᠭᠡ ᠪᠠᠷ ᠬᠦᠷᠭᠡᠵᠦ᠂ ᠥᠪᠡᠷᠲᠡᠭᠡᠨ ᠵᠠᠰᠠᠬᠤ ᠣᠷᠣᠨ ᠤ ᠨᠡᠭᠦᠳᠡᠯ ᠬᠥᠮᠥᠨ ᠠᠮᠠ ᠶᠢᠨ ᠠᠵᠢᠯᠲᠠᠨ ᠤ ᠶᠠᠪᠤᠳᠠᠯ ᠤᠨ ᠲᠠᠩᠰᠠ ᠡᠪᠬᠡᠮᠡᠯ ᠤᠨ ᠬᠠᠮᠢᠶᠠᠷᠤᠯᠲᠠ ᠳᠤ ᠨᠢᠭᠡᠳᠦᠯᠲᠡᠢ ᠵᠥᠭᠡᠯᠡᠨ ᠲᠣᠨᠤᠭ᠂ ᠨᠢᠭᠡᠳᠦᠯᠲᠡᠢ ᠪᠠᠷᠢᠮᠵᠢᠶ᠎ᠠ᠂ ᠨᠢᠭᠡᠳᠦᠯᠲᠡᠢ ᠦᠢᠯᠡᠴᠢᠯᠡᠭᠡ ᠬᠠᠩᠭᠠᠵᠤ᠂ ᠨᠡᠭᠦᠳᠡᠯ ᠬᠥᠮᠥᠨ ᠠᠮᠠ ᠶᠢᠨ ᠠᠵᠢᠯᠲᠠᠨ ᠤ ᠶᠠᠪᠤᠳᠠᠯ ᠤᠨ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠦᠢᠯᠡᠴᠢᠯᠡᠭᠡᠨ ᠤ ᠵᠦᠢᠯᠡᠰ ᠢ ᠰᠦᠯᠵᠢᠶᠡᠨ ᠳᠡᠭᠡᠷ᠎ᠡ ᠭᠦᠢᠴᠡᠳᠬᠡᠬᠦ ᠶᠢ ᠪᠡᠶᠡᠯᠡᠭᠦᠯᠵᠡᠢ︾ ᠭᠡᠵᠦ ᠰᠢᠯᠢ ᠶᠢᠨ ᠭᠤᠣᠯ ᠠᠶᠢᠮᠠᠭ ᠤᠨ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠲᠥᠪ ᠤᠨ ᠳᠡᠳ᠋ ᠡᠷᠭᠢᠯᠡᠭᠴᠢ ᠮᠠ ᠷᠦᠩ ᠵᠢᠤᠸᠠᠨ ᠬᠡᠯᠡᠵᠦ ᠪᠠᠶᠢᠯ᠎ᠠ᠃
 
ᠢᠷᠡᠯᠲᠡ᠄ ᠲᠤᠮᠲᠠᠲᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号