ᠮᠠᠨ ᠤ ᠣᠷᠣᠨ 6 ᠪᠦᠯᠦᠭ ᠤᠳᠠᠭ᠎ᠠ ᠶᠢᠨ ᠤᠯᠠᠭᠠᠨ ᠵᠠᠭᠠᠯᠮᠠᠶᠢᠳᠠᠨ ᠤ ᠭᠠᠮᠰᠢᠭ ᠠᠴᠠ ᠠᠪᠤᠷᠠᠬᠤ ᠡᠳ᠋ ᠪᠣᠳᠠᠰ ᠢ | ᠭᠠᠨᠰᠤ ᠮᠤᠵᠢ ᠶᠢᠨ ᠭᠠᠮᠰᠢᠭᠳᠠᠭᠰᠠᠨ ᠣᠷᠣᠨ ᠳᠤ ᠬᠦᠷᠭᠡᠪᠡ | ᠭᠠᠨᠰᠤ ᠮᠤᠵᠢ ᠶᠢᠨ ᠯᠢᠨᠰᠢᠶᠠ ᠵᠧᠦ ᠶᠢᠨ ᠵᠢᠢ ᠱᠢ ᠱᠠᠨ ᠰᠢᠶᠠᠨ ᠳᠤ 6.2 ᠲᠡᠰ ᠤᠨ ᠭᠠᠵᠠᠷ ᠬᠥᠳᠡᠯᠦᠭᠰᠡᠨ ᠤ | ᠲᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠨᠢ ᠡᠯ᠎ᠡ ᠱᠠᠲᠤᠨ ᠤ ᠤᠯᠠᠭᠠᠨ | ᠵᠠᠭᠠᠯᠮᠠᠶᠢᠳᠠᠨ ᠤ ᠨᠡᠶᠢᠭᠡᠮᠯᠢᠭ ᠢ ᠵᠣᠬᠢᠶᠠᠨ ᠪᠠᠶᠢᠭᠤᠯᠤᠨ ᠭᠠᠨᠰᠤ ᠮᠤᠵᠢ ᠶᠢᠨ ᠭᠠᠮᠰᠢᠭᠳᠠᠭᠰᠠᠨ ᠣᠷᠣᠨ ᠢ ᠲᠤᠰᠠᠯᠠᠵᠤ᠂ | 21 ᠤ ᠦᠳᠡ ᠶᠢᠨ ᠬᠤᠶᠢᠨ᠎ᠠ ᠪᠤᠯᠳᠠᠯ᠎ᠠ ᠨᠡᠶᠢᠳᠡ 6 ᠪᠦᠯᠦᠭ ᠤᠳᠠᠭ᠎ᠠ ᠶᠢᠨ ᠤᠯᠠᠭᠠᠨ ᠵᠠᠭᠠᠯᠮᠠᠶᠢᠳᠠᠨ ᠤ ᠭᠠᠮᠰᠢᠭ | ᠠᠴᠠ ᠠᠪᠤᠷᠠᠬᠤ ᠡᠳ᠋ ᠪᠣᠳᠠᠰ ᠢ ᠭᠠᠨᠰᠤ ᠮᠤᠵᠢ ᠶᠢᠨ ᠭᠠᠮᠰᠢᠭᠳᠠᠭᠰᠠᠨ ᠣᠷᠣᠨ ᠳᠤ ᠪᠠᠴᠢᠮ ᠬᠦᠷᠭᠡᠪᠡ᠃ | ᠭᠦᠭᠡᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ 42 ᠲᠦᠮᠡᠨ ᠲᠥᠭᠦᠷᠢᠭ ᠤᠨ ᠦᠷᠳᠡᠭ ᠪᠦᠬᠦᠢ 800 | ᠬᠥᠪᠥᠩ ᠭᠦᠨᠵᠢᠯᠡ᠂ 1000 ᠬᠥᠪᠥᠩ ᠳ᠋ᠠᠴᠠᠩ᠂ 50 ᠬᠥᠪᠥᠩ ᠮᠠᠶᠢᠬᠠᠨ ᠵᠡᠷᠭᠡ ᠬᠦᠢᠲᠡᠨ ᠢ ᠰᠡᠷᠭᠡᠶᠢᠯᠡᠬᠦ ᠡᠳ᠋ | ᠪᠣᠳᠠᠰ ᠢ ᠭᠠᠨᠰᠤ ᠮᠤᠵᠢ ᠶᠢᠨ ᠭᠠᠮᠰᠢᠭᠳᠠᠭᠰᠠᠨ ᠣᠷᠣᠨ ᠳᠤ ᠬᠦᠷᠭᠡᠪᠡ ; ᠠᠯᠠᠱᠠ ᠠᠶᠢᠮᠠᠭ ᠤᠨ ᠤᠯᠠᠭᠠᠨ | ᠵᠠᠭᠠᠯᠮᠠᠶᠢᠲᠠᠨ ᠤ ᠨᠡᠶᠢᠭᠡᠮᠯᠢᠭ ᠶᠡᠷᠦᠩᠬᠡᠢ ᠥᠷᠲᠡᠭ ᠨᠢ 50 ᠲᠦᠮᠡᠨ ᠲᠥᠭᠦᠷᠢᠭ ᠪᠦᠬᠦᠢ 200 ᠬᠥᠪᠥᠩ ᠭᠦᠨᠵᠢᠯᠡ | ᠂ 200 ᠬᠥᠪᠥᠩ ᠳ᠋ᠠᠴᠠᠩ᠂ 50 ᠬᠥᠪᠥᠩ ᠮᠠᠶᠢᠬᠠᠨ᠂ 22 ᠭᠡᠷ ᠪᠦᠯᠢ ᠶᠢᠨ ᠬᠠᠶᠢᠷᠴᠠᠭ᠂ 50 ᠴᠠᠭᠢᠯᠭᠠᠨ | ᠲᠤᠯᠠᠭᠠᠯᠠᠭᠤᠷ᠂ 120 ᠡᠪᠬᠡᠮᠡᠯ ᠣᠷᠣ ᠵᠡᠷᠭᠡ ᠭᠠᠵᠠᠷ ᠬᠥᠳᠡᠯᠦᠯᠲᠡ ᠲᠠᠢ ᠲᠡᠮᠡᠴᠡᠵᠦ ᠭᠠᠮᠰᠢᠭ ᠠᠴᠠ ᠠᠪᠤᠷᠠᠬᠤ ᠡᠳ᠋ | ᠪᠣᠳᠠᠰ ᠢ ᠭᠠᠨᠰᠤ ᠮᠤᠵᠢ ᠶᠢᠨ ᠭᠠᠮᠰᠢᠭᠳᠠᠭᠰᠠᠨ ᠣᠷᠣᠨ ᠳᠤ ᠪᠠᠴᠢᠮ ᠬᠦᠷᠭᠡᠪᠡ᠃ ᠳᠤᠮᠳᠠᠳᠤ ᠤᠯᠤᠰ ᠤᠨ ᠤᠯᠠᠭᠠᠨ | ᠵᠠᠭᠠᠯᠮᠠᠶᠢᠳᠠᠨ ᠤ ᠨᠡᠶᠢᠭᠡᠮᠯᠢᠭ ᠤᠨ ᠶᠡᠷᠦᠩᠬᠡᠢ ᠨᠡᠶᠢᠭᠡᠮᠯᠢᠭ ᠤᠨ ᠨᠢᠭᠡᠳᠦᠯᠲᠡᠢ ᠲᠣᠬᠢᠷᠠᠭᠤᠯᠤᠯᠲᠠ ᠶᠣᠰᠣᠭᠠᠷ᠂ | ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠪᠠᠰᠠ ᠭᠠᠮᠰᠢᠭ ᠠᠴᠠ ᠠᠪᠤᠷᠠᠨ ᠲᠤᠰᠠᠯᠠᠬᠤ | ᠡᠳ᠋ ᠪᠣᠳᠠᠰ ᠢ ᠵᠥᠭᠡᠭᠡᠪᠦᠷᠢᠯᠡᠬᠦ ᠬᠥᠮᠥᠨ ᠤ ᠬᠦᠴᠦᠨ ᠢ ᠪᠠᠴᠢᠮ ᠵᠣᠬᠢᠶᠠᠨ ᠪᠠᠶᠢᠭᠤᠯᠵᠤ᠂ 300 ᠡᠪᠬᠡᠮᠡᠯ ᠣᠷᠣ ᠶᠢ | ᠬᠤᠶᠠᠷ ᠪᠦᠯᠦᠭ ᠬᠤᠪᠢᠶᠠᠨ ᠭᠠᠨᠰᠤ ᠮᠤᠵᠢ ᠪᠣᠯᠣᠨ ᠬᠥᠬᠡᠨᠠᠭᠤᠷ ᠮᠤᠵᠢ ᠶᠢᠨ ᠭᠠᠮᠰᠢᠭᠳᠠᠭᠰᠠᠨ ᠣᠷᠣᠨ ᠳᠤ ᠬᠦᠷᠭᠡᠬᠦ | ᠶᠢᠨ ᠬᠠᠮᠲᠤ᠂ ᠭᠠᠮᠰᠢᠭ ᠠᠴᠠ ᠠᠪᠤᠷᠠᠨ ᠲᠤᠰᠠᠯᠠᠬᠤ ᠶᠢ ᠵᠣᠬᠢᠶᠠᠨ ᠪᠠᠶᠢᠭᠤᠯᠬᠤ ᠡᠷᠴᠢᠮ ᠢ ᠴᠢᠩᠭᠠᠷᠠᠭᠤᠯᠵᠤ᠂ | ᠥᠪᠥᠷ ᠮᠣᠩᠭᠤᠯ ᠤᠨ ᠰᠢᠨ ᠵᠢᠶᠠᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠲᠸᠭᠨᠢᠭ | ᠮᠡᠷᠭᠡᠵᠢᠯ ᠤᠨ ᠬᠢᠵᠠᠭᠠᠷᠲᠤ ᠺᠤᠮᠫᠠᠨᠢ ᠶᠢᠨ ᠬᠠᠨᠳᠢᠪᠯᠡᠭ᠌ᠰᠠᠨ 132.5 ᠲᠦᠮᠡᠨ ᠲᠥᠭᠦᠷᠢᠭ ᠤᠨ ᠦᠷᠳᠡᠭ ᠪᠦᠬᠦᠢ | 500 ᠬᠥᠪᠥᠩ ᠮᠠᠶᠢᠬᠠᠨ ᠢ ᠴᠠᠭ ᠢ ᠠᠮᠵᠢᠨ ᠵᠢᠢ ᠱᠢ ᠱᠠᠨ ᠤ ᠭᠠᠮᠰᠢᠭᠳᠠᠭᠰᠠᠨ ᠣᠷᠣᠨ ᠳᠤ ᠬᠦᠷᠭᠡᠪᠡ᠃ |