ᠬᠠᠮᠤᠭ ᠤᠨ ᠭᠤᠶᠣ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠤᠭᠴᠢ ᠶᠢᠨ ᠰᠢᠯᠭᠠᠷᠠᠭᠤᠯᠤᠯᠲᠠ ᠎ ᠳᠤ ᠮᠠᠨ ᠤ ᠣᠷᠣᠨ ᠰᠢᠯᠢᠳᠡᠭ ᠬᠢᠷᠢ ᠪᠦᠲᠦᠮᠵᠢ ᠣᠯᠪᠠ
ᠨᠡᠶᠢᠲᠡᠯᠡᠭᠰᠡᠨ ᠴᠠᠭ᠄
2023/12/21
ᠬᠠᠮᠤᠭ ᠤᠨ ᠭᠤᠶᠣ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠤᠭᠴᠢ ᠶᠢᠨ ᠰᠢᠯᠭᠠᠷᠠᠭᠤᠯᠤᠯᠲᠠ ᠳᠤ ᠮᠠᠨ ᠤ ᠣᠷᠣᠨ ᠰᠢᠯᠢᠳᠡᠭ ᠬᠢᠷᠢ ᠪᠦᠲᠦᠮᠵᠢ ᠣᠯᠪᠠᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠠᠴᠠ ᠭᠤᠣᠯᠯᠠᠨ ᠡᠷᠭᠢᠯᠡᠭᠰᠡᠨ ︽ᠰᠢᠨ᠎ᠡ ᠠᠶᠠᠨ ᠳᠤ ᠡᠷᠡᠮᠡᠬᠡᠶᠢᠯᠡᠨ ᠤᠷᠤᠭᠰᠢᠯᠠᠵᠤ ᠪᠡᠶ᠎ᠡ ᠶᠢᠨ ᠲᠠᠮᠢᠷ ᠤᠨ ᠬᠥᠳᠡᠯᠭᠡᠭᠡᠨ ᠢᠶᠠᠷ ᠡᠷᠡᠭᠦᠯ ᠮᠡᠨᠳᠦ ᠶᠢ ᠠᠬᠢᠭᠤᠯᠤᠶ᠎ᠠ︾ 2023 ᠬᠠᠮᠤᠭ ᠤᠨ ᠭᠤᠶᠣ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠤᠭᠴᠢ ᠵᠢᠴᠢ ᠠᠮᠢᠵᠢᠷᠠᠯ ᠤᠨ ᠬᠦᠴᠦᠨ ᠲᠠᠢ ᠪᠡᠶ᠎ᠡ ᠶᠢᠨ ᠲᠠᠮᠢᠷ ᠤᠨ ᠵᠣᠬᠢᠶᠠᠨ ᠪᠠᠶᠢᠭᠤᠯᠤᠯᠲᠠ ᠶᠢ ᠰᠢᠯᠭᠠᠷᠠᠭᠤᠯᠬᠤ ᠠᠵᠢᠯᠯᠠᠭ᠎ᠠ ᠳᠤ ᠮᠠᠨ ᠤ ᠣᠷᠣᠨ ᠰᠢᠯᠢᠳᠡᠭ ᠬᠢᠷᠢ ᠪᠦᠲᠦᠮᠵᠢ ᠣᠯᠣᠭᠰᠠᠨ ᠪᠠᠶᠢᠨ᠎ᠠ᠃ ᠡᠭᠦᠨ ᠳᠤ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ︽ᠰᠢᠯᠢᠳᠡᠭ ᠵᠣᠬᠢᠶᠠᠨ ᠪᠠᠶᠢᠭᠤᠯᠤᠯᠲᠠ ᠶᠢᠨ ᠨᠢᠭᠡᠴᠢ︾᠎ ᠪᠠᠷ ᠦᠨᠡᠯᠡᠭᠳᠡᠵᠦ᠂ ᠥᠪᠥᠷ ᠮᠣᠩᠭᠤᠯ ᠤᠨ ᠮᠥᠰᠥ ᠴᠠᠰᠤᠨ ᠤ ᠪᠡᠶ᠎ᠡ ᠶᠢᠨ ᠲᠠᠮᠢᠷ ᠤᠨ ᠨᠡᠶᠢᠭᠡᠮᠯᠢᠭ ︽ᠠᠮᠢᠵᠢᠷᠠᠯ ᠤᠨ ᠬᠦᠴᠦᠨ ᠲᠠᠢ ᠪᠡᠶ᠎ᠡ ᠶᠢᠨ ᠲᠠᠮᠢᠷ ᠤᠨ ᠵᠣᠬᠢᠶᠠᠨ ᠪᠠᠶᠢᠭᠤᠯᠤᠯᠲᠠ︾᠎ ᠪᠠᠷ ᠦᠨᠡᠯᠡᠭᠳᠡᠵᠦ᠂ ᠯᠢᠦ ᠴᠢᠩ ᠵᠥᠩ ᠪᠣᠯᠣᠨ ᠵᠠᠩ ᠴᠢᠩ ᡁᠢ ︽ᠬᠠᠮᠤᠭ ᠤᠨ ᠭᠤᠶᠣ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠯᠣᠭᠤᠳᠤᠭᠴᠢ︾᠎ ᠪᠠᠷ ᠦᠨᠡᠯᠡᠭᠳᠡᠪᠡ᠃ ᠪᠠᠶᠠᠨᠨᠠᠭᠤᠷ ᠬᠤᠳᠡ ᠶᠢᠨ ᠯᠢᠨ ᠾᠧ ᠲᠣᠭᠤᠷᠢᠭ ᠤᠨ ᠨᠡᠶᠢᠭᠡᠮ ᠤᠨ ᠪᠡᠶ᠎ᠡ ᠲᠠᠮᠢᠷ ᠤᠨ ᠵᠢᠭᠠᠨ ᠵᠢᠯᠣᠭᠤᠳᠤᠭᠴᠢ ᠶᠢᠨ ᠨᠡᠶᠢᠭᠡᠮᠯᠢᠭ᠂ ᠮᠠᠨᠵᠤᠤᠷ ᠬᠤᠳᠡ ᠶᠢᠨ ᠵᠡᠪᠰᠡᠭ ᠤᠨ ᠡᠷᠳᠡᠮ ᠤᠨ ᠪᠡᠶ᠎ᠡ ᠴᠢᠭᠢᠷᠠᠭᠵᠢᠭᠤᠯᠬᠤ ᠲᠠᠮᠢᠷ ᠤᠨ ᠨᠡᠶᠢᠭᠡᠮᠯᠢᠭ᠂ ᠦᠬᠠᠢ ᠬᠤᠳᠡ ᠶᠢᠨ ᠴᠢ ᠲᠦ᠋ ᠳᠤᠭᠤᠢ ᠲᠡᠷᠭᠡᠨ ᠤ ᠺᠯᠦ᠋ᠪ ᠨᠢ ︽ᠪᠡᠶ᠎ᠡ ᠶᠢᠨ ᠲᠠᠮᠢᠷ ᠤᠨ ᠵᠣᠬᠢᠶᠠᠨ ᠪᠠᠶᠢᠭᠤᠯᠤᠯᠲᠠ︾᠎ ᠪᠠᠷ ᠰᠣᠩᠭᠤᠭᠳᠠᠵᠤ᠂ ᠯᠥᠸᠧ ᠢ ᠶᠥᠩ᠂ ᠲᠠᠩ ᠰᠢᠤ ᠯᠢᠶᠠᠨ᠂ ᠸᠠᠩ ᠭᠦᠸᠧ ᠦ᠋ ᠨᠠᠷ ︽ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠤᠭᠴᠢ︾᠎ ᠪᠠᠷ ᠰᠣᠩᠭᠤᠭᠳᠠᠪᠠ᠃ ᠣᠶᠢᠯᠠᠭᠠᠭᠰᠠᠨ ᠢᠶᠠᠷ᠂ ᠣᠶᠢᠷ᠎ᠠ ᠶᠢᠨ ᠵᠢᠯ ᠳᠤ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠤᠭᠴᠢ ᠶᠢᠨ ᠡᠩᠨᠡᠭᠡ ᠶᠢᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠭᠰᠠᠭᠠᠷ ᠢᠷᠡᠵᠡᠢ᠂ ᠣᠲᠣ ᠪᠤᠯᠲᠠᠯ᠎ᠠ ᠮᠠᠨ ᠤ ᠣᠷᠣᠨ ᠳᠤ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠤᠭᠴᠢ ᠨᠡᠶᠢᠲᠡ 7 ᠲᠦᠮᠡ ᠭᠠᠷᠤᠢ ᠬᠥᠮᠥᠨ ᠲᠠᠢ ᠪᠣᠯᠵᠤ᠂ ᠵᠢᠯ ᠳᠤ ᠡᠯ᠎ᠡ ᠱᠠᠲᠤᠨ ᠤ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠤᠭᠴᠢ ᠶᠢᠨ ᠪᠣᠯᠪᠠᠰᠤᠷᠠᠯ ᠢ 130 ᠭᠠᠷᠤᠢ ᠤᠳᠠᠭ᠎ᠠ ᠵᠣᠬᠢᠶᠠᠨ ᠪᠠᠶᠢᠭᠤᠯᠤᠨ ᠥᠷᠨᠢᠭᠦᠯᠵᠦ᠂ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠤᠭᠴᠢ ᠶᠢ ᠲᠦᠮᠡ ᠭᠠᠷᠤᠢ ᠬᠥᠮᠥᠨ ᠤᠳᠠᠭ᠎ᠠ ᠪᠣᠯᠪᠠᠰᠤᠷᠠᠭᠤᠯᠪᠠ᠃ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠳᠤ ᠣᠷᠤᠯᠴᠠᠬᠤ ᠬᠡᠮᠵᠢᠶ᠎ᠡ ᠪᠠ ᠬᠠᠮᠤᠷᠬᠤ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ᠵᠢᠯ ᠳᠤ 800 ᠭᠠᠷᠤᠢ ᠤᠳᠠᠭ᠎ᠠ ᠶᠢᠨ ᠰᠠᠶᠢᠨ ᠳᠤᠷ᠎ᠠ ᠶᠢᠨ ᠦᠢᠯᠡᠴᠢᠯᠡᠭᠡ ᠥᠷᠨᠢᠭᠦᠯᠵᠦ᠂ 30 ᠭᠠᠷᠤᠢ ᠲᠦᠮᠡᠨ ᠬᠥᠮᠥᠨ ᠳᠤ ᠦᠢᠯᠡᠴᠢᠯᠡᠭᠡ ᠬᠠᠩᠭᠠᠵᠤ ᠪᠠᠶᠢᠨ᠎ᠠ᠃
 
ᠢᠷᠡᠯᠲᠡ᠄ ᠲᠤᠮᠲᠠᠲᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号