ᠲᠦᠮᠡᠨ ᠬᠥᠮᠥᠨ ᠤ ᠨᠡᠷᠡᠬᠦᠢ ᠨᠢᠳᠤᠷᠭ᠎ᠠ ᠶᠢᠨ ᠦᠵᠡᠭᠦᠯᠭᠡ ᠶᠢᠨ ᠠᠵᠢᠯᠯᠠᠭ᠎ᠠ ᠶᠠᠪᠤᠭᠳᠠᠪᠠ
ᠨᠡᠶᠢᠲᠡᠯᠡᠭᠰᠡᠨ ᠴᠠᠭ᠄
2023/12/21
ᠲᠦᠮᠡᠨ ᠬᠥᠮᠥᠨ ᠤ ᠨᠡᠷᠡᠬᠦᠢ ᠨᠢᠳᠤᠷᠭ᠎ᠠ ᠶᠢᠨ ᠦᠵᠡᠭᠦᠯᠭᠡ ᠶᠢᠨ ᠠᠵᠢᠯᠯᠠᠭ᠎ᠠ ᠶᠠᠪᠤᠭᠳᠠᠪᠠᠲᠦᠷᠦᠭᠦᠬᠡᠨ᠂ ᠭᠦᠭᠡᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ᠂ ᠭᠦᠭᠡᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠭᠦᠭᠡᠬᠤᠲᠠ ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠣᠷᠳᠣᠨ ᠠᠴᠠ ᠭᠤᠣᠯᠯᠠᠨ ᠡᠷᠭᠢᠯᠡᠭᠰᠡᠨ 2023 ᠣᠨ ᠤ ᠭᠦᠭᠡᠬᠤᠲᠠ ᠶᠢᠨ ︽ᠲᠠᠪᠤᠨ ᠨᠢᠭᠡ ᠲᠦᠮᠡᠨ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠢᠨᠵᠧᠨᠧᠷᠢᠩ︾ ᠎ ᠤᠨ ᠲᠦᠮᠡᠨ ᠬᠥᠮᠥᠨ ᠤ ᠨᠡᠷᠡᠬᠦᠢ ᠨᠢᠳᠤᠷᠭ᠎ᠠ ᠶᠢᠨ ᠦᠵᠡᠭᠦᠯᠭᠡ ᠶᠢᠨ ᠠᠵᠢᠯᠯᠠᠭ᠎ᠠ ᠭᠦᠭᠡᠬᠤᠲᠠ ᠶᠢᠨ ᠰᠢᠨ᠎ᠡ ᠬᠤᠲᠠ ᠲᠣᠭᠤᠷᠢᠭ ᠤᠨ ᠬᠠᠢ ᠰᠢᠨ ᠪᠠᠭ᠎ᠠ ᠰᠤᠷᠭᠠᠭᠤᠯᠢ ᠳᠤ ᠠᠮᠵᠢᠯᠲᠠ ᠲᠠᠢ ᠶᠠᠪᠤᠭᠳᠠᠪᠠ᠃ ᠭᠦᠭᠡᠬᠤᠲᠠ ᠶᠢᠨ ᠰᠢᠨ᠎ᠡ ᠬᠤᠳᠠ ᠲᠣᠭᠤᠷᠢᠭ᠂ ᠰᠠᠶᠢᠬᠠᠨ ᠲᠣᠭᠤᠷᠢᠭ᠂ ᠬᠤᠲᠣᠩ ᠠᠷᠠᠳ ᠤᠨ ᠲᠣᠭᠤᠷᠢᠭ᠂ ᠢᠦᠶᠢᠴᠢᠤᠸᠠᠨ ᠲᠣᠭᠤᠷᠢᠭ ᠠᠴᠠ ᠢᠷᠡᠭᠰᠡᠨ 1000 ᠭᠠᠷᠤᠢ ᠨᠡᠷᠡᠬᠦᠢ ᠨᠢᠳᠤᠷᠭ᠎ᠠ ᠶᠢᠨ ᠪᠠᠭ᠋ᠠᠲᠠᠳ ᠪᠣᠯᠣᠨ ᠭᠦᠭᠡᠬᠤᠲᠠ ᠶᠢᠨ ᠰᠢᠨ᠎ᠡ ᠬᠤᠳᠠ ᠲᠣᠭᠤᠷᠢᠭ ᠤᠨ ᠬᠠᠢ ᠰᠢᠨ ᠪᠠᠭ᠎ᠠ ᠰᠤᠷᠭᠠᠭᠤᠯᠢ ᠶᠢᠨ 1000 ᠭᠠᠷᠤᠢ ᠰᠤᠷᠤᠬᠴᠢ ᠲᠤᠰ ᠤᠳᠠᠭᠠᠨ ᠤ ᠦᠵᠡᠭᠦᠯᠭᠡ ᠶᠢᠨ ᠲᠣᠬᠯᠠᠯᠲᠠ ᠳᠤ ᠣᠷᠣᠯᠴᠠᠪᠠ᠃ ᠲᠣᠰ ᠤᠳᠠᠭᠠᠨ ᠤ ᠠᠵᠢᠯᠯᠠᠭ᠎ᠠ ᠶᠢ ᠡᠷᠭᠢᠯᠡᠭᠰᠡᠨ ᠨᠢ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠵᠤ᠂ ︽ᠡᠷᠡᠭᠦᠯ ᠡᠩᠬᠡ ᠳᠤᠮᠳᠠᠳᠤ ᠤᠯᠤᠰ ᠤᠨ ᠪᠠᠶᠢᠯᠳᠤᠬᠤ ᠪᠣᠳᠣᠯᠭ᠎ᠠ︾ ᠎ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ᠂ ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠶᠢ ᠠᠬᠢᠭᠤᠯᠬᠤ ᠶᠢᠨ ᠲᠥᠯᠥᠭᠡ ᠶᠤᠮ᠃ ᠣᠶᠢᠷ᠎ᠠ ᠶᠢᠨ ᠵᠢᠯ ᠳᠤ᠂ ᠭᠦᠭᠡᠬᠤᠲᠠ ᠨᠡᠷᠡᠬᠦᠢ ᠨᠢᠳᠤᠷᠭ᠎ᠠ ᠶᠢᠨ ᠦᠵᠡᠭᠦᠯᠭᠡ ᠶᠢᠨ ᠠᠵᠢᠯᠯᠠᠭ᠎ᠠ ᠶᠢ ᠢᠳᠡᠪᠬᠢᠲᠡᠢ ᠵᠣᠬᠢᠶᠠᠨ ᠪᠠᠶᠢᠭᠤᠯᠵᠤ᠂ ᠪᠣᠳᠠᠰ ᠤᠨ ᠪᠤᠰᠤ ᠰᠣᠶᠣᠯ ᠤᠨ ᠥᠪ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ᠂ ᠨᠡᠶᠢᠭᠡᠮ ᠲᠣᠭᠤᠷᠢᠭ ᠲᠤ ᠣᠷᠣᠭᠤᠯᠬᠤ ᠠᠵᠢᠯᠯᠠᠭ᠎ᠠ ᠶᠢ ᠥᠷᠨᠢᠭᠦᠯᠵᠦ᠂ ᠣᠲᠣ ᠪᠤᠯᠲᠠᠯ᠎ᠠ 12000 ᠭᠠᠷᠤᠢ ᠬᠥᠮᠥᠨ ᠳᠤ ᠲᠦᠭᠡᠮᠡᠯᠵᠢᠭᠦᠯᠵᠦ᠂ ᠪᠠᠷᠤᠭ 30 ᠲᠦᠮᠡᠨ ᠬᠥᠮᠥᠨ ᠤᠳᠠᠭ᠎ᠠ ᠣᠷᠣᠯᠴᠠᠪᠠ᠃ ᠲᠣᠰ ᠤᠳᠠᠭᠠᠨ ᠤ ᠠᠵᠢᠯᠯᠠᠭ᠎ᠠ ᠨᠢ ᠪᠣᠳᠠᠰ ᠤᠨ ᠪᠤᠰᠤ ᠰᠣᠶᠣᠯ ᠤᠨ ᠥᠪ ᠢ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠲᠠᠢ ᠭᠦᠨᠵᠡᠭᠡᠢ ᠠᠭᠤᠰᠤᠯᠴᠠᠭᠤᠯᠵᠤ᠂ ᠤᠯᠠᠮᠵᠢᠯᠠᠯᠲᠤ ᠪᠡᠶ᠎ᠡ ᠶᠢᠨ ᠲᠠᠮᠢᠷ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ᠢ ᠤᠯᠠᠮᠵᠢᠯᠠᠨ ᠪᠠᠳᠠᠷᠠᠭᠤᠯᠬᠤ ᠶᠢᠨ ᠬᠠᠮᠲᠤ᠂ ᠨᠠᠩ ᠣᠯᠠᠨ ᠬᠥᠮᠥᠨ ᠢ ᠳᠠᠶᠢᠴᠢᠯᠠᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠳᠤ ᠣᠷᠣᠯᠴᠠᠭᠤᠯᠵᠤ᠂ ᠨᠡᠷᠡᠬᠦᠢ ᠨᠢᠳᠤᠷᠭ᠎ᠠ ᠡᠨᠡ ᠬᠦ ᠰᠢᠯᠢᠳᠡᠭ ᠤᠯᠠᠮᠵᠢᠯᠠᠯᠲᠤ ᠰᠣᠶᠣᠯ ᠤᠨ ᠤᠯᠠᠮᠵᠢᠯᠠᠯ ᠪᠠ ᠬᠥᠭᠵᠢᠯᠲᠡ ᠶᠢ ᠪᠦᠲᠦᠮᠵᠢᠲᠡᠶ ᠠᠬᠢᠭᠤᠯᠪᠠ᠃
 
ᠢᠷᠡᠯᠲᠡ᠄ ᠲᠤᠮᠲᠠᠲᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号