ᠲᠤᠮᠳᠠᠳᠦ ᠤᠷᠤᠰ ᠤᠨ ᠵᠠᠯᠠᠭᠤᠴᠤᠳ ᠪᠠᠭᠠᠴᠤᠳ ᠤᠨ ᠨᠥᠬᠦᠷᠯᠡᠯ ᠤᠨ ᠠᠵᠢᠯᠯᠠᠭ᠎ᠠ ᠬᠥᠭᠵᠢᠶᠡᠨᠲᠡᠢ ᠶᠠᠪᠤᠭᠳᠠᠯ᠎ᠠ
ᠨᠡᠶᠢᠲᠡᠯᠡᠭᠰᠡᠨ ᠴᠠᠭ᠄
2023/12/21
ᠲᠤᠮᠳᠠᠳᠦ ᠤᠷᠤᠰ ᠤᠨ ᠵᠠᠯᠠᠭᠤᠴᠤᠳ ᠪᠠᠭᠠᠴᠤᠳ ᠤᠨ ᠨᠥᠬᠦᠷᠯᠡᠯ ᠤᠨ ᠠᠵᠢᠯᠯᠠᠭ᠎ᠠ ᠬᠥᠭᠵᠢᠶᠡᠨᠲᠡᠢ ᠶᠠᠪᠤᠭᠳᠠᠯ᠎ᠠᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ 2023 ᠣᠨ ᠤ ᠳᠤᠮᠳᠠᠳᠤ ᠣᠷᠣᠰ ᠤᠨ ᠲᠦᠮᠡᠨ ᠭᠠᠵᠠᠷ ᠤᠨ ᠴᠠᠢ ᠶᠢᠨ ᠵᠠᠮ ᠤᠨ ᠵᠠᠯᠠᠭᠤᠴᠤᠳ ᠪᠠᠭᠠᠴᠤᠳ ᠤᠨ ᠤᠷᠠᠨ ᠲᠠᠮᠢᠷ ᠪᠠ ᠬᠥᠭᠵᠢᠶᠡᠨ ᠳᠡᠮᠵᠢᠬᠦ ᠪᠥᠵᠢᠭ ᠤᠨ ᠤᠷᠤᠯᠳᠤᠭᠠᠨ᠂ ᠳᠤᠮᠳᠠᠳᠤ ᠣᠷᠣᠰ ᠤᠨ ᠵᠠᠯᠠᠭᠤᠴᠤᠳ ᠪᠠᠭᠠᠴᠤᠳ ᠎ ᠤᠨ ᠤᠷᠠᠨ ᠰᠠᠶᠢᠬᠠᠨ ᠤ ᠲᠣᠬᠯᠠᠯᠲᠠ ᠣᠷᠴᠢᠮᠬᠠᠨ ᠮᠠᠨᠵᠤᠤᠷ ᠬᠤᠲᠠ ᠳᠤ ᠬᠥᠭᠵᠢᠶᠡᠨᠲᠡᠢ ᠶᠠᠪᠤᠭᠳᠠᠵᠤ᠂ ᠤᠷᠤᠰ ᠤᠨ 200 ᠭᠠᠷᠤᠢ ᠵᠠᠯᠠᠭᠤᠴᠤᠳ ᠪᠠᠭᠠᠴᠤᠳ ᠪᠣᠯᠣᠨ ᠲᠤᠮᠳᠠᠳᠦ ᠤᠯᠤᠰ ᠤᠨ 70 ᠭᠠᠷᠤᠢ ᠵᠠᠯᠠᠭᠤᠴᠤᠳ ᠪᠠᠭᠠᠴᠤᠳ ᠠᠵᠢᠯᠯᠠᠭ᠎ᠠ ᠳᠤ ᠣᠷᠣᠯᠴᠠᠵᠦ ᠤᠷ᠎ᠠ ᠠᠪᠢᠶᠠᠰ ᠢᠶᠠᠨ ᠪᠠᠳᠠᠷᠠᠭᠤᠯᠤᠭᠰᠠᠨ ᠪᠠᠶᠢᠨ᠎ᠠ᠃ ᠳᠤᠮᠳᠠᠳᠤ ᠣᠷᠣᠰ ᠬᠤᠶᠠᠷ ᠲᠠᠯ᠎ᠠ ᠶᠢᠨ ᠵᠠᠯᠠᠭᠤᠴᠤᠳ ᠪᠠᠭᠠᠴᠤᠳ ᠤᠷᠠᠨ ᠲᠠᠮᠢᠷ ᠪᠠ ᠬᠥᠭᠵᠢᠶᠡᠨ ᠳᠡᠮᠵᠢᠬᠦ ᠪᠥᠵᠢᠭ ᠎ ᠤᠨ ᠤᠷᠤᠯᠳᠤᠭᠠᠨ᠂ ᠨᠥᠬᠦᠷᠯᠡᠯ ᠤᠨ ᠠᠵᠢᠯᠯᠠᠭ᠎ᠠ ᠵᠢᠴᠢ ᠭᠢᠮᠨᠠᠰᠲ᠋ᠢᠺ ᠤᠨ ᠲᠠᠮᠢᠷᠴᠢᠳ ᠤᠨ ᠴᠣᠭᠯᠢᠭ ᠬᠥᠳᠡᠯᠦᠯ ᠪᠠᠷᠢᠯ ᠪᠣᠯᠣᠨ ᠭᠤᠶᠢᠳᠠ ᠰᠠᠶᠢᠬᠠᠨ ᠠᠶᠢᠵᠠᠮ ᠴᠣᠬᠢᠯᠭ᠎ᠠ ᠲᠠᠢ ᠲᠣᠬᠯᠠᠯᠲᠠ ᠪᠠᠷ ᠢᠶᠠᠨ ᠪᠡᠶ᠎ᠡ ᠶᠢᠨ ᠲᠠᠮᠢᠷ ᠪᠠ ᠪᠥᠵᠢᠭ ᠤᠷᠠᠯᠢᠭ ᠤᠨ ᠭᠤᠸ᠎ᠠ ᠰᠠᠶᠢᠬᠠᠨ ᠢ ᠭᠦᠢᠴᠡᠳ ᠢᠯᠡᠷᠡᠭᠦᠯᠪᠡ᠃ ᠳᠤᠮᠳᠠᠳᠤ ᠤᠷᠤᠰ ᠤᠨ ᠰᠣᠶᠣᠯ ᠤᠨ ᠰᠣᠯᠢᠯᠴᠠᠭᠠᠨ ᠎ ᠤ ᠤᠷᠠᠨ ᠰᠠᠶᠢᠬᠠᠨ ᠤ ᠲᠣᠬᠯᠠᠯᠲᠠ ᠨᠢ ᠨᠥᠬᠦᠷᠯᠡᠯ ᠤᠨ ᠠᠵᠢᠯᠯᠠᠭ᠎ᠠ ᠶᠢᠨ ᠠᠬᠤᠢ ᠲᠠᠯᠠᠪᠠᠢ ᠶᠢᠨ ᠠᠭᠤᠷ ᠠᠮᠢᠰᠬᠤᠯ ᠎ ᠢ ᠬᠥᠭᠵᠢᠭᠡᠵᠦ᠂ ᠳᠤᠮᠳᠠᠳᠤ ᠤᠷᠤᠰ ᠬᠤᠶᠠᠷ ᠭᠠᠵᠠᠷ ᠤᠨ ᠵᠠᠯᠠᠭᠤᠴᠤᠳ ᠪᠠᠭᠠᠴᠤᠳ ᠤᠨ ᠵᠠᠯᠠᠭᠤ ᠨᠠᠰᠤᠨ ᠤ ᠴᠤᠭ ᠵᠢᠪᠬᠤᠭ᠎ᠠ ᠶᠢ ᠭᠦᠢᠴᠡᠳ ᠢᠯᠡᠷᠡᠭᠦᠯᠵᠡᠢ᠃ ᠡᠭᠦᠨ ᠤ ᠬᠠᠮᠲᠤ ᠣᠷᠣᠰ ᠤᠨ ᠵᠠᠯᠠᠭᠤᠴᠤᠳ ᠪᠠᠭᠠᠴᠤᠳ ᠪᠠᠰᠠ ᠮᠠᠨᠵᠤᠤᠷ ᠬᠤᠲᠠ ᠶᠢᠨ ᠰᠢᠨ᠎ᠡ ᠳᠦᠷᠢ ᠲᠥᠷᠬᠦ ᠪᠤᠯᠬᠤ ᠲᠠᠯ᠎ᠠ ᠨᠤᠲᠤᠭ ᠤᠨ ︽ᠰᠢᠶᠦ᠋ᠩ ᠰᠢᠶᠣᠣ ᠮᠠᠨ᠂ ᠵᠠᠯᠠᠶᠢᠨᠠᠭᠤᠷ ᠮᠦᠽᠧᠢ᠂ ᠠᠷᠰᠯᠠᠨ ᠵᠠᠭᠠᠨ ᠴᠡᠴᠡᠷᠯᠢᠭ᠂ ᠬᠡᠦᠬᠡᠳ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠳᠣᠨ ᠢ ᠲᠣᠭᠤᠷᠢᠨ ᠦᠵᠡᠪᠡ᠃ ᠣᠶᠢᠯᠠᠭᠠᠭᠰᠠᠨ ᠢᠶᠠᠷ᠂ ᠨᠠᠮᠤᠷ ᠡᠪᠦᠯ ᠤᠨ ᠤᠯᠠᠷᠢᠯ ᠤᠨ ᠵᠢᠭᠤᠯᠴᠢᠯᠠᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠲᠦᠮᠡᠨ ᠭᠠᠵᠠᠷ ᠤᠨ ᠴᠠᠢ ᠶᠢᠨ ᠵᠠᠮ ᠤᠨ ᠳᠤᠮᠳᠠᠳᠤ ᠣᠷᠣᠰ ᠤᠨ ᠵᠠᠯᠠᠭᠤᠴᠤᠳ ᠪᠠᠭᠠᠴᠤᠳ ᠤᠨ ᠬᠤᠭᠤᠷᠣᠨᠳᠣᠭᠢ ᠶᠠᠪᠤᠯᠴᠠᠭ᠎ᠠ ᠶᠢ ᠴᠢᠩᠭᠠᠳᠬᠠᠨ᠂ ᠰᠣᠶᠣᠯ᠂ ᠪᠡᠶ᠎ᠡ ᠶᠢᠨ ᠲᠠᠮᠢᠷ᠂ ᠵᠢᠭᠤᠯᠴᠢᠯᠠᠯ ᠤᠨ ᠭᠦᠨᠵᠡᠭᠡᠢ ᠠᠭᠤᠰᠤᠯᠴᠠᠨ ᠬᠥᠭᠵᠢᠬᠦ ᠶᠢ ᠠᠬᠢᠭᠤᠯᠬᠤ ᠶᠢ ᠵᠣᠷᠢᠵᠤ ᠶᠠᠪᠤᠭᠳᠠᠭᠤᠯᠤᠭᠰᠠᠨ ᠡᠨᠡ ᠬᠦ ᠠᠵᠢᠯᠯᠠᠭ᠎ᠠ ᠨᠢ ᠳᠤᠮᠳᠠᠳᠤ ᠣᠷᠣᠰ ᠤᠨ ᠵᠠᠯᠠᠭᠤᠴᠤᠳ ᠪᠠᠭᠠᠴᠤᠳ ᠤᠨ ᠨᠥᠬᠦᠷᠯᠡᠯ ᠢ ᠵᠤᠵᠠᠭᠠᠳᠬᠠᠵᠤ᠂ ᠬᠢᠯᠢ ᠠᠯᠤᠰᠯᠠᠭᠰᠠᠨ ᠪᠡᠶ᠎ᠡ ᠶᠢᠨ ᠲᠠᠮᠢᠷ ᠬᠢᠭᠡᠳ ᠵᠢᠭᠤᠯᠴᠢᠯᠠᠯ ᠤᠨ ᠠᠭᠤᠰᠤᠯᠴᠠᠯ᠂ ᠳᠤᠮᠳᠠᠳᠤ ᠣᠷᠣᠰ ᠤᠨ ᠵᠠᠯᠠᠭᠤᠴᠤᠳ ᠪᠠᠭᠠᠴᠤᠳ ᠤᠨ ᠰᠤᠳᠤᠯᠤᠨ ᠰᠤᠷᠤᠯᠴᠠᠬᠤ ᠪᠦᠲᠦᠭᠡᠭᠳᠡᠬᠦᠨ ᠤ ᠨᠡᠭᠡᠭᠡᠯᠲᠡ ᠶᠢ ᠤᠯᠠᠮ ᠨᠢᠭᠡ ᠠᠯᠬᠤᠮ ᠠᠬᠢᠭᠤᠯᠵᠠᠢ᠃
 
ᠢᠷᠡᠯᠲᠡ᠄ ᠲᠤᠮᠲᠠᠲᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号