︽ᠮᠥᠰᠥ ᠴᠠᠰᠤᠨ ᠤ ᠬᠥᠳᠡᠯᠭᠡᠭᠡᠨ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠳᠤ ᠬᠦᠴᠦᠨ ᠨᠡᠮᠡᠷᠢᠯᠡᠨ᠎ᠡ ︾ ᠭᠡᠬᠦ ᠭᠤᠣᠯ ᠰᠡᠳᠦᠪᠲᠦ ᠦᠢᠯᠡᠴᠢᠯᠡᠭᠡᠨ ᠤ ᠠᠵᠢᠯᠯᠠᠭ᠎ᠠ ᠶᠠᠪᠤᠭᠳᠠᠪᠠ
ᠨᠡᠶᠢᠲᠡᠯᠡᠭᠰᠡᠨ ᠴᠠᠭ᠄
2023/12/21
 ︽ᠮᠥᠰᠥ ᠴᠠᠰᠤᠨ ᠤ ᠬᠥᠳᠡᠯᠭᠡᠭᠡᠨ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠳᠤ ᠬᠦᠴᠦᠨ ᠨᠡᠮᠡᠷᠢᠯᠡᠨ᠎ᠡ︾ ᠭᠡᠬᠦ ᠭᠤᠣᠯ ᠰᠡᠳᠦᠪᠲᠦ ᠦᠢᠯᠡᠴᠢᠯᠡᠭᠡᠨ ᠤ ᠠᠵᠢᠯᠯᠠᠭ᠎ᠠ ᠶᠠᠪᠤᠭᠳᠠᠪᠠᠣᠶᠢᠷ᠎ᠠ ᠳᠤ ᠥᠪᠥᠷ ᠮᠣᠩᠭᠤᠯ ᠤᠨ ᠮᠥᠰᠥ ᠴᠠᠰᠤᠨ ᠤ ᠪᠡᠶ᠎ᠡ ᠶᠢᠨ ᠲᠠᠮᠢᠷ ᠤᠨ ᠨᠡᠶᠢᠭᠡᠮᠯᠢᠭ ᠤᠨ ᠭᠤᠣᠯᠯᠠᠨ ᠡᠷᠭᠢᠯᠡᠭᠰᠡᠨ ︽ᠮᠥᠰᠥ ᠴᠠᠰᠤᠨ ᠤ ᠬᠥᠳᠡᠯᠭᠡᠭᠡᠨ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠳᠤ ᠬᠦᠴᠦᠨ ᠨᠡᠮᠡᠷᠢᠯᠡᠨ᠎ᠡ︾ ᠭᠡᠬᠦ ᠭᠤᠣᠯ ᠰᠡᠳᠦᠪᠲᠦ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠪᠡᠷᠲᠡᠭᠡᠨ ᠵᠠᠰᠠᠬᠤ ᠣᠷᠣᠨ ᠤ ᠨᠠᠮ ᠤᠨ ᠰᠤᠷᠭᠠᠭᠤᠯᠢ ᠳᠤ ᠶᠠᠪᠤᠭᠳᠠᠵᠤ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠢ ᠪᠠᠶᠠᠷᠯᠠᠨ ᠤᠭᠲᠤᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠶ ᠪᠣᠯᠭᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠰᠤᠷᠭᠠᠭᠤᠯᠢ ᠶᠢᠨ 100 ᠭᠠᠷᠤᠢ ᠪᠠᠭᠰᠢ ᠠᠵᠢᠯᠲᠠᠨ ᠠᠵᠢᠯᠴᠢᠨ ᠵᠢᠴᠢ ᠰᠤᠷᠤᠬᠴᠢᠳ ᠡᠨᠡ ᠤᠳᠠᠭᠠᠨ ᠤ ᠬᠥᠳᠡᠯᠭᠡᠭᠡᠨ ᠳᠤ ᠣᠷᠣᠯᠴᠠᠪᠠ᠃ ᠥᠪᠥᠷ ᠮᠣᠩᠭᠤᠯ ᠤᠨ ᠮᠥᠰᠥ ᠴᠠᠰᠤᠨ ᠤ ᠪᠡᠶ᠎ᠡ ᠶᠢᠨ ᠲᠠᠮᠢᠷ ᠤᠨ ᠨᠡᠶᠢᠭᠡᠮᠯᠢᠭ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠬᠢᠭᠡᠳ ᠪᠦᠭᠦ ᠠᠷᠠᠳ ᠤᠨ ᠡᠷᠡᠭᠦᠯ ᠮᠡᠨᠳᠦ ᠶᠢᠨ ᠭᠦᠨᠵᠡᠭᠡᠢ ᠠᠭᠤᠰᠤᠯᠴᠠᠯ ᠢ ᠠᠬᠢᠭᠤᠯᠬᠤ ᠶᠢ ᠢᠮᠠᠭᠲᠠ ᠪᠠᠷᠢᠮᠲᠠᠯᠠᠵᠤ᠂ ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠪᠦᠷᠬᠦᠴᠡ ᠶᠢᠨ ᠥᠷᠭᠡᠨ ᠳᠡᠯᠭᠡᠷ ᠴᠢᠨᠠᠷ᠂ ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠦᠢᠯᠡᠴᠢᠯᠡᠭᠡᠨ ᠤ ᠠᠷᠠᠳ ᠲᠤ ᠠᠰᠢᠭ ᠬᠦᠷᠲᠡᠭᠡᠬᠦ ᠴᠢᠨᠠᠷ᠂ ᠮᠥᠰᠥ ᠴᠠᠰᠤᠨ ᠤ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠶᠢᠨ ᠠᠭᠤᠯᠭ᠎ᠠ ᠶᠢᠨ ᠡᠯᠪᠡᠭ ᠪᠠᠶᠠᠯᠢᠭ ᠴᠢᠨᠠᠷ ᠵᠡᠷᠭᠡ ᠣᠯᠠᠨ ᠲᠠᠯ᠎ᠠ ᠠᠴᠠ ᠭᠠᠷᠳᠠᠵᠤ᠂ ᠪᠡᠶ᠎ᠡ ᠶᠢᠨ ᠲᠠᠮᠢᠷ ᠤᠨ ᠰᠠᠶᠢᠨ ᠳᠤᠷ᠎ᠠ ᠶᠢᠨ ᠦᠢᠯᠡᠴᠢᠯᠡᠭᠡ ᠶᠠᠪᠤᠭᠤᠯᠪᠠ᠃ ᠥᠪᠥᠷ ᠮᠣᠩᠭᠤᠯ ᠤᠨ ᠮᠥᠰᠥ ᠴᠠᠰᠤᠨ ᠤ ᠪᠡᠶ᠎ᠡ ᠶᠢᠨ ᠲᠠᠮᠢᠷ ᠤᠨ ᠨᠡᠶᠢᠭᠡᠮᠯᠢᠭ ᠢᠮᠠᠭᠲᠠ ᠦᠨᠳᠦᠰᠦᠨ ᠱᠠᠲᠤᠨ ᠳᠤ ᠭᠦᠨᠵᠡᠭᠡᠶᠢᠷᠡᠬᠦ ᠶᠢ ᠪᠠᠷᠢᠮᠲᠠᠯᠠᠵᠤ᠂ ᠪᠠᠶᠢᠭᠤᠯᠭ᠎ᠠ᠂ ᠠᠵᠤ ᠠᠬᠤᠶᠢᠯᠠᠯ᠂ ᠰᠤᠷᠭᠠᠭᠤᠯᠢ᠂ ᠴᠡᠷᠢᠭ ᠤᠨ ᠬᠤᠸᠠᠷᠠᠨ᠂ ᠨᠡᠶᠢᠭᠡᠮ ᠲᠣᠭᠤᠷᠢᠭ᠂ ᠬᠥᠳᠡᠭᠡ ᠲᠣᠰᠬᠤᠨ ᠤ ᠠᠳᠠᠯᠢ ᠪᠤᠰᠤ ᠨᠠᠰᠤᠨ ᠤ ᠬᠥᠮᠥᠰ ᠤᠨ ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠶᠢ ᠵᠢᠯᠤᠭᠤᠳᠴᠤ᠂ ᠠᠷᠠᠳ ᠣᠯᠠᠨ ᠢ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠳᠤ ᠦᠨᠡᠨ ᠬᠦ ᠣᠷᠣᠯᠴᠠᠭᠤᠯᠵᠤ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠤᠷᠤᠭᠰᠢᠲᠠᠢ ᠬᠤᠷᠠᠯᠳᠤᠬᠤ ᠳᠤ ᠬᠦᠴᠦᠨ ᠨᠡᠮᠡᠷᠢᠯᠡᠵᠦ ᠪᠤᠢ᠃
 
ᠢᠷᠡᠯᠲᠡ᠄ ᠲᠤᠮᠲᠠᠲᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号