ᠵᠡᠭᠦᠨ ᠦᠵᠦᠮᠦᠴᠢᠨ ᠬᠤᠰᠢᠭᠤ ᠡᠪᠡᠰᠦ ᠪᠣᠷᠳᠤᠭ᠎ᠠ ᠪᠠᠨ ᠭᠦᠢᠴᠡᠳ ᠪᠡᠯᠡᠳᠭᠡᠵᠦ ᠮᠠᠯ ᠢᠶᠠᠨ ᠮᠡᠨᠲᠤ ᠤᠨᠳᠤᠷᠤᠭᠤᠯᠬᠤ ᠶᠢ ᠪᠠᠲᠤᠯᠠᠵᠦ ᠪᠠᠶᠢᠨ᠎ᠠ
ᠨᠡᠶᠢᠲᠡᠯᠡᠭᠰᠡᠨ ᠴᠠᠭ᠄
2023/12/21
ᠵᠡᠭᠦᠨ ᠦᠵᠦᠮᠦᠴᠢᠨ ᠬᠤᠰᠢᠭᠤ ᠡᠪᠡᠰᠦ ᠪᠣᠷᠳᠤᠭ᠎ᠠ ᠪᠠᠨ ᠭᠦᠢᠴᠡᠳ ᠪᠡᠯᠡᠳᠭᠡᠵᠦ ᠮᠠᠯ ᠢᠶᠠᠨ ᠮᠡᠨᠲᠤ ᠤᠨᠳᠤᠷᠤᠭᠤᠯᠬᠤ ᠶᠢ ᠪᠠᠲᠤᠯᠠᠵᠦ ᠪᠠᠶᠢᠨ᠎ᠠᠤᠯᠢᠶᠠᠰᠤᠲᠠᠢ ᠶᠢᠨ ᠮᠡᠳᠡᠭᠡ ︵ᠴᠢᠮᠡᠭᠡᠯᠡᠭᠴᠢ ᠲᠠᠯ᠎ᠠ︶ ᠬᠦᠢᠲᠡᠨ ᠤᠷᠤᠰᠬᠠᠯ ᠤᠨ ᠨᠥᠯᠥᠭᠡ ᠪᠠᠷ᠂ ᠦᠢᠷ᠎ᠠ ᠳᠤ ᠵᠡᠭᠦᠨ ᠦᠵᠦᠮᠦᠴᠢᠨ ᠬᠤᠰᠢᠭᠤᠨ ᠳᠤ ᠶᠡᠭᠡ ᠬᠡᠪᠴᠢᠶ᠎ᠡ ᠪᠠᠷ ᠴᠠᠰᠤ ᠣᠷᠣᠵᠤ ᠳᠤᠯᠠᠭᠠᠨ ᠤ ᠬᠡᠮᠵᠢᠶ᠎ᠡ ᠲᠤᠷᠤᠭᠰᠢᠯᠠᠪᠠ᠃ ᠲᠣᠰ ᠬᠤᠰᠢᠭᠤ ᠨᠢ ᠮᠠᠯᠵᠢᠬᠤ ᠦᠢᠯᠡᠳᠪᠦᠷᠢᠯᠡᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠰᠢᠨᠵᠢᠯᠡᠬᠦ ᠤᠬᠠᠭᠠᠨᠴᠢ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠠᠪᠴᠤ᠂ ᠣᠨᠴᠠᠭᠠᠶ ᠴᠠᠭ ᠠᠭᠤᠷ ᠤᠨ ᠮᠠᠯᠵᠢᠬᠤ ᠦᠢᠯᠡᠳᠪᠦᠷᠢᠯᠡᠯ ᠳᠤ ᠦᠵᠡᠭᠦᠯᠬᠦ ᠨᠥᠯᠥᠭᠡ ᠶᠢ ᠠᠯᠢ ᠴᠢᠳᠠᠬᠤ ᠪᠠᠷ ᠪᠠᠭᠠᠰᠬᠠᠪᠠ᠃ᠳᠠᠭᠤᠲᠤᠨᠠᠭᠤᠷ ᠪᠠᠯᠭᠠᠰᠤ ᠶᠢᠨ ᠪᠠᠶ᠋ᠬᠠᠠᠭᠤᠯᠠ ᠭᠠᠴᠠᠭᠠᠨ ᠤ ᠮᠠᠯᠴᠢᠨ ᠤᠳᠤᠨᠭᠡᠷᠡᠯ᠄ ︽ᠮᠠᠨ ᠤ ᠬᠢ 400 ᠭᠠᠷᠤᠢ ᠬᠤᠨᠢ᠂ 100 ᠭᠠᠷᠤᠢ ᠦᠬᠡᠷ ᠲᠠᠢ᠂ ᠤᠳᠤ 120 ᠲᠣᠨ ᠡᠪᠡᠰᠦ᠂ 200 ᠲᠣᠨ ᠨᠣᠭᠤᠭᠠᠨ ᠳᠠᠷᠤᠰᠢ ᠪᠡᠯᠡᠳᠬᠡᠵᠠᠢ᠃ ᠰᠠᠭᠤᠷᠢ ᠲᠥᠬᠦᠭᠡᠷᠦᠮᠵᠢ ᠶᠢᠨ ᠲᠠᠯ᠎ᠠ ᠪᠠᠷ ᠴᠦ ᠨᠡᠯᠢᠶᠡᠳ ᠪᠦᠷᠢᠨᠰᠢᠬᠦᠯᠦᠭᠰᠡᠨ ᠪᠣᠯᠬᠤᠷ ᠮᠠᠯ ᠢᠶᠠᠨ ᠮᠡᠨᠲᠤ ᠤᠨᠳᠤᠷᠤᠭᠤᠯᠬᠤ ᠳᠤ ᠠᠰᠠᠭᠤᠳᠠᠯ ᠦᠭᠡᠢ ᠪᠠᠶᠢᠬ᠎ᠠ︾ ᠭᠡᠯ᠎ᠠ᠃︽ᠮᠠᠨ ᠤ ᠪᠠᠯᠭᠠᠰᠤᠨ ᠳᠤ ᠨᠡᠶᠢᠲᠡ 1460 ᠫᠧᠩ ᠰᠠᠷᠠᠪᠴᠢ ᠪᠠᠶᠢᠵᠦ᠂ ᠪᠦᠬᠦ ᠲᠠᠯᠠᠪᠠᠢ ᠨᠢ 18.5 ᠲᠦᠮᠡᠨ ᠬᠠᠪᠳᠠᠭᠠᠢ ᠳᠥᠷᠪᠡᠯᠵᠢᠨ ᠮᠧᠲᠷ ᠬᠦᠷᠴᠦ᠂ ᠡᠪᠡᠰᠦ ᠪᠣᠷᠳᠤᠭ᠎ᠠ ᠶᠢ 2460 ᠲᠦᠮᠡᠨ ᠺᠢᠯᠣᠭ᠍ᠷᠠᠮ ᠨᠥᠭᠡᠴᠡᠯᠡᠵᠦ᠂ ᠮᠠᠯ ᠤᠨ ᠵᠠᠷᠤᠴᠠᠭᠤᠯᠤᠯᠲᠠ ᠶᠢᠨ ᠡᠷᠴᠢᠮ ᠢ ᠦᠷᠬᠦᠯᠵᠢᠯᠡᠨ ᠴᠢᠩᠭᠠᠷᠠᠭᠤᠯᠤᠬᠰᠠᠨ ᠢᠶᠠᠷ᠂ ᠨᠢᠬᠡᠨᠳᠡ 32.6 ᠲᠦᠮᠡ ᠭᠠᠷᠤᠢ ᠮᠠᠯ ᠵᠠᠷᠤᠴᠠᠭᠤᠯᠵᠠᠢ᠃ ᠤᠶᠢᠷ᠎ᠠ ᠶᠢᠨ ᠡᠳᠦᠷ ᠤᠨ ᠶᠡᠭᠡ ᠴᠠᠰᠤ ᠶᠢ ᠠᠷᠭᠠᠴᠠᠭᠠᠬᠤ ᠢᠢᠨ ᠲᠥᠯᠥᠭᠡ᠂ ᠪᠢᠳᠡ 4 ᠴᠠᠰᠤ ᠠᠷᠢᠯᠭᠠᠬᠤ ᠲᠡᠷᠭᠡ ᠬᠥᠳᠡᠯᠭᠡᠵᠦ᠂ 7 ᠭᠠᠴᠠᠭᠠᠨ ᠤ ᠭᠤᠣᠯ ᠪᠤᠯᠬᠤ ᠵᠠᠮ ᠱᠤᠭᠤᠮ ᠢ ᠨᠡᠪᠲᠡᠷᠡᠭᠦᠯᠵᠡᠢ᠃ ᠣᠳᠣ ᠪᠣᠯᠲᠠᠯ᠎ᠠ ᠨᠢᠭᠡᠨᠲᠡ 12 ᠲᠡᠷᠭᠡ ᠲᠣᠮᠢᠯᠠᠵᠤ᠂ 8 ᠬᠦᠴᠢᠷᠳᠡᠯ ᠳᠤ ᠤᠴᠠᠷᠠᠭᠰᠠᠨ ᠮᠠᠰᠢᠨ ᠲᠡᠷᠭᠡ ᠪᠣᠯᠣᠨ ᠴᠠᠰᠤᠨ ᠳᠤ ᠬᠠᠰᠢᠭᠳᠠᠭᠰᠠᠨ 14 ᠬᠦᠮᠦᠨ ᠢ ᠠᠪᠤᠷᠠᠨ ᠲᠤᠰᠠᠯᠠᠵᠠᠢ︾ ᠭᠡᠵᠤ ᠳᠠᠭᠤᠲᠤᠨᠠᠭᠤᠷ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠡᠩᠬᠡᠵᠢᠷᠭᠠᠯ ᠲᠠᠨᠢᠯᠴᠠᠭᠤᠯᠤᠯ᠎ᠠ᠃ ᠡᠪᠦᠯ ᠤᠷᠤᠭᠰᠠᠨ ᠠᠴᠠ ᠨᠠᠭᠠᠰᠢ᠂ ᠵᠡᠭᠦᠨ ᠦᠵᠦᠮᠦᠴᠢᠨ ᠬᠤᠰᠢᠭᠤ ᠮᠠᠯᠴᠢᠳ ᠤᠨ ᠮᠠᠯ ᠤᠨᠤᠭ᠎ᠠ ᠶᠢ ᠡᠪᠦᠯᠵᠢᠭᠦᠯᠬᠦ ᠡᠪᠡᠰᠦ ᠪᠣᠷᠳᠤᠭ᠎ᠠ ᠨᠥᠭᠡᠴᠡᠯᠡᠬᠦ ᠠᠵᠢᠯ ᠢ ᠯᠠᠪᠳᠠᠭᠤᠨ ᠪᠠᠲᠤᠲᠠᠢ ᠬᠢᠵᠦ᠂ ᠮᠠᠯᠴᠢᠳ ᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ ᠪᠠᠶᠢᠭᠠᠳ ᠮᠠᠯ ᠤᠨ ᠵᠠᠷᠤᠴᠠᠭᠤᠯᠤᠯᠲᠠ ᠶᠢ ᠴᠢᠩᠭᠠᠳᠬᠠᠵᠦ᠂ ᠭᠠᠮᠰᠢᠭ ᠢ ᠰᠡᠷᠭᠡᠶᠢᠯᠡᠵᠦ ᠭᠠᠮᠰᠢᠭ ᠤᠨ ᠬᠤᠬᠢᠷᠠᠯ ᠢ ᠪᠠᠭᠠᠰᠬᠠᠬᠤ ᠤᠬᠠᠮᠰᠠᠷ ᠢ ᠨᠢ ᠳᠡᠭᠡᠭᠰᠢᠯᠡᠭᠦᠯᠦᠭᠰᠡᠨ ᠪᠠᠶᠢᠨ᠎ᠠ᠃ᠣᠶᠢᠯᠠᠭᠠᠭᠰᠠᠨ ᠢᠶᠠᠷ᠂ ᠵᠡᠭᠦᠨ ᠦᠵᠦᠮᠦᠴᠢᠨ ᠬᠤᠰᠢᠭᠤᠨ ᠤ ᠳᠤᠮᠳᠠ ᠬᠡᠰᠡᠭ᠂ ᠵᠡᠭᠦᠨ ᠬᠡᠰᠡᠭ ᠤᠨ ᠭᠠᠵᠠᠷ ᠣᠷᠣᠨ ᠳᠤ ᠭᠠᠮᠰᠢᠭ ᠲᠠᠢ ᠲᠡᠮᠡᠴᠡᠵᠦ ᠪᠠᠴᠢᠮ ᠪᠠᠶᠢᠳᠠᠯ ᠢ ᠠᠷᠭᠠᠴᠠᠭᠠᠬᠤ ᠡᠪᠡᠰᠦ ᠬᠠᠳᠠᠭᠠᠯᠠᠬᠤ ᠰᠠᠭᠤᠷᠢᠨ ᠭᠠᠵᠠᠷ 5᠂ ᠭᠠᠴᠠᠭᠠᠨ ᠤ ᠲᠠᠰ ᠤᠨ ᠡᠪᠡᠰᠦ ᠬᠠᠳᠠᠭᠠᠯᠠᠬᠤ ᠬᠥᠮᠥᠷᠭᠡ 25 ᠶᠢ ᠪᠠᠶᠢᠭᠤᠯᠵᠠᠢ᠃ ᠲᠤᠰ ᠬᠤᠰᠢᠭᠤ ᠨᠢ ᠬᠤᠰᠢᠭᠤ ᠳᠡᠰ ᠤᠨ ᠡᠪᠡᠰᠦ ᠪᠣᠷᠳᠤᠭ᠎ᠠ ᠨᠥᠭᠡᠴᠡᠯᠡᠬᠦ ᠰᠠᠭᠤᠷᠢᠨ ᠭᠠᠵᠠᠷ ᠢᠶᠠᠷ ᠭᠤᠣᠯ ᠪᠣᠯᠭᠠᠨ᠂ ᠰᠤᠮᠤ ᠪᠠᠯᠭᠠᠰᠤᠨ ᠤ ᠬᠤᠪᠢᠶᠠᠷᠢ ᠲᠥᠪ ᠢᠶᠠᠷ ᠲᠤᠯᠭᠠᠭᠤᠷᠢᠯᠠᠯ ᠪᠤᠯᠭᠠᠵᠦ᠂ ᠠᠵᠤ ᠠᠬᠤᠶᠢᠯᠠᠯ᠂ ᠬᠤᠷᠰᠢᠶᠠᠵᠢᠯ ᠪᠣᠯᠣᠨ ᠮᠠᠯᠵᠢᠬᠤ ᠡᠷᠦᠬᠡ ᠪᠠᠷ ᠨᠦᠬᠦᠪᠦᠷᠢ ᠪᠤᠯᠭᠠᠭᠰᠠᠨ ᠭᠤᠷᠪᠠᠨ ᠳᠡᠰ ᠤᠨ ᠡᠪᠡᠰᠦ ᠪᠣᠷᠳᠤᠭ᠎ᠠ ᠶᠢ ᠬᠠᠳᠠᠭᠠᠯᠠᠵᠤ ᠵᠥᠭᠡᠭᠡᠪᠦᠷᠢᠯᠡᠬᠦ ᠨᠡᠶᠢᠬᠡᠮᠴᠢᠯᠡᠭᠰᠡᠨ ᠦᠢᠯᠡᠴᠢᠯᠡᠬᠡᠨ ᠤ ᠵᠠᠭᠪᠤᠷ ᠢ ᠰᠦᠪᠡᠭᠴᠢᠯᠠᠨ ᠪᠠᠶᠢᠭᠤᠯᠵᠤ᠂ ᠨᠡᠶᠢᠲᠡ 44.67 ᠲᠦᠮᠡᠨ ᠲᠣᠨ ᠡᠪᠡᠰᠦ ᠪᠣᠷᠳᠤᠭ᠎ᠠ ᠨᠥᠭᠡᠴᠡᠯᠡᠵᠦ᠂ ᠭᠡᠷᠪᠡ ᠭᠠᠮᠰᠢᠭ ᠲᠤ ᠲᠤᠬᠢᠶᠠᠯᠳᠤᠪᠠᠯ 207 ᠲᠦᠮᠡᠨ ᠬᠤᠨᠢ ᠮᠠᠯ ᠳᠤ 120 ᠡᠳᠦᠷ ᠤᠨ ᠡᠪᠡᠰᠦ ᠪᠣᠷᠳᠤᠭ᠎ᠠ ᠶᠢ ᠬᠠᠩᠭᠠᠬᠤ ᠴᠢᠳᠠᠮᠵᠢ ᠲᠠᠢ ᠪᠠᠶᠢᠵᠦ᠂ ᠬᠤᠰᠢᠭᠤᠨ ᠤ ᠬᠡᠪᠴᠢᠶᠡᠨ ᠳᠤ ᠡᠪᠡᠰᠦ ᠪᠣᠷᠳᠤᠭ᠎ᠠ ᠶᠢ ᠲᠣᠬᠢᠷᠠᠭᠤᠯᠤᠨ ᠬᠠᠩᠭᠠᠬᠤ ᠶᠢ ᠪᠦᠲᠦᠮᠵᠢᠲᠡᠶ ᠪᠠᠲᠤᠯᠠᠬᠤ ᠪᠤᠯᠤᠨ᠎ᠠ᠃
 
ᠢᠷᠡᠯᠲᠡ᠄ ᠰᠢᠯᠢ ᠶᠢᠨ ᠭᠤᠤᠯ ᠤᠨ ᠮᠤᠩᠭᠤᠯ ᠰᠤᠨᠢᠨ ᠮᠡᠳᠡᠭᠡᠨ ᠤ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号