ᠬᠤᠷᠳᠤᠨ ᠬᠦᠯᠦᠭ ᠤᠨ ᠲᠦᠪᠡᠷᠭᠡᠨ ᠲᠠᠢ ᠲᠠᠮᠠᠴᠢ ᠶᠢᠨ ᠨᠠᠭᠠᠳᠤᠮ
ᠨᠡᠶᠢᠲᠡᠯᠡᠭᠰᠡᠨ ᠴᠠᠭ᠄
2023/12/21
ᠬᠤᠷᠳᠤᠨ ᠬᠦᠯᠦᠭ ᠤᠨ ᠲᠦᠪᠡᠷᠭᠡᠨ ᠲᠠᠢ ᠲᠠᠮᠠᠴᠢ ᠶᠢᠨ ᠨᠠᠭᠠᠳᠤᠮ— ᠠᠩᠬᠠᠳᠤᠭᠠᠷ ᠬᠤᠭᠤᠴᠠᠭᠠᠨ ᠤ ︽ᠮᠤᠩᠭᠤᠯ ᠮᠤᠷᠢᠨ ᠤ ᠵᠤᠷᠢᠭ ᠰᠠᠨᠠᠭ᠎ᠠ ᠬᠤᠨᠳᠠᠭᠠᠳᠤ︾ ᠲᠤᠮᠳᠠᠳᠤ ᠤᠯᠤᠰ ᠤᠨ ᠠᠳᠤᠭᠤᠨ ᠰᠤᠶᠤᠯ ᠤᠨ ᠲᠦᠪ ᠰᠢᠯᠢ ᠶᠢᠨ ᠭᠤᠤᠯ ᠤᠨ ᠮᠤᠩᠭᠤᠯ ᠮᠤᠷᠢᠨ ᠤ ᠬᠤᠯᠪᠤᠭᠠᠳᠤ ᠤᠷᠤᠯᠳᠤᠭᠠᠨ ᠤ ᠰᠦᠨᠢᠳ ᠪᠠᠷᠠᠭᠤᠨ ᠬᠤᠰᠢᠭᠤ ᠦᠷᠳᠡᠭᠡ ᠶᠢᠨ ᠤᠷᠤᠯᠳᠤᠭᠠᠨ ᠤ ᠡᠬᠢᠯᠡᠯᠳᠡ ᠶᠢᠨ ᠶᠤᠰᠤᠯᠠᠯ ᠢ ᠰᠤᠨᠢᠷᠬᠠᠭᠠᠤᠠᠲᠤᠮᠳᠠᠳᠤ ᠤᠯᠤᠰ ᠤᠨ ᠬᠤᠷᠳᠤᠨ ᠬᠦᠯᠦᠭ ᠤᠨ ᠨᠤᠳᠤᠭ ᠭᠡᠮᠡᠬᠦ ᠠᠯᠳᠠᠷ ᠨᠠᠷ᠎ᠠ ᠲᠠᠢ ᠪᠠᠷᠠᠭᠤᠨ ᠰᠦᠨᠢᠳ ᠨᠤᠲᠤᠭ ᠮᠦᠡᠭᠬᠦᠨ ᠴᠠᠭᠠᠨ ᠬᠤᠶᠠᠭ ᠢᠶᠠᠨ ᠭᠡᠳᠦᠷᠴᠤ᠂ ᠡᠪᠤᠯ ᠤᠨ ᠰᠠᠶᠢᠬᠠᠨ ᠢ ᠡᠷᠬᠡ ᠦᠭᠡᠢ ᠮᠡᠳᠡᠷᠡᠬᠦᠯᠦᠨ᠎ᠠ ᠪᠢᠯᠡ᠃ ᠠᠩᠬᠠᠳᠤᠭᠠᠷ ᠬᠤᠭᠤᠴᠠᠭᠠᠨ ᠤ ︽ᠮᠤᠩᠭᠤᠯ ᠮᠤᠷᠢᠨ ᠤ ᠵᠤᠷᠢᠭ ᠰᠠᠨᠠᠭ᠎ᠠ ᠬᠤᠨᠳᠠᠭᠠᠳᠤ︾ ᠲᠤᠮᠳᠠᠳᠤ ᠤᠯᠤᠰ ᠤᠨ ᠠᠳᠤᠭᠤᠨ ᠰᠤᠶᠤᠯ ᠤᠨ ᠲᠦᠪ ᠰᠢᠯᠢ ᠶᠢᠨ ᠭᠤᠤᠯ ᠤᠨ ᠮᠤᠩᠭᠤᠯ ᠮᠤᠷᠢᠨ ᠤ ᠬᠤᠯᠪᠤᠭᠠᠳᠤ ᠤᠷᠤᠯᠳᠤᠭᠠᠨ ᠤ ᠰᠦᠨᠢᠳ ᠪᠠᠷᠠᠭᠤᠨ ᠬᠤᠰᠢᠭᠤ ᠦᠷᠳᠡᠭᠡ ᠶᠢᠨ ᠤᠷᠤᠯᠳᠤᠭᠠᠨ 2023 ᠤᠨ ᠤ 11 ᠰᠠᠷ᠎ᠠ ᠶᠢᠨ 29 ᠤ ᠡᠳᠦᠷ ᠤᠨ ᠦᠳᠡ ᠶᠢᠨ ᠡᠮᠦᠨ᠎ᠠ ᠰᠠᠶᠢᠬᠠᠨᠳᠠᠯ᠎ᠠ ᠪᠠᠯᠭᠠᠰᠤ ᠶᠢᠨ ᠪᠠᠶᠠᠬᠠᠠᠩᠭᠠᠢ ᠭᠠᠴᠠᠭᠠᠨ ᠳᠤ ᠡᠬᠢᠯᠡᠯᠳᠡ ᠶᠢᠨ ᠬᠦᠰᠢᠭᠡ ᠪᠠᠨ ᠰᠡᠬᠦᠪᠠ᠃ᠲᠤᠰ ᠤᠷᠤᠯᠳᠤᠭᠠᠨ ᠢ ᠰᠦᠨᠢᠳ ᠪᠠᠷᠠᠭᠤᠨ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠠᠴᠠ ᠭᠤᠤᠯᠯᠠᠨ ᠡᠷᠬᠢᠯᠡᠵᠤ᠂ ᠰᠦᠨᠢᠳ ᠪᠠᠷᠠᠭᠤᠨ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠳᠡᠰ᠂ ᠡᠯ᠎ᠠ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠤᠷᠳᠤᠨ ᠪᠤᠯᠤᠨ ᠰᠦᠨᠢᠳ ᠪᠠᠷᠠᠭᠤᠨ ᠬᠤᠰᠢᠭᠤᠨ ᠤ ᠠᠳᠤᠭᠤᠨ ᠰᠤᠶᠤᠯ ᠤᠨ ᠨᠡᠶᠢᠭᠡᠮᠯᠢᠭ ᠳᠠᠭᠠᠭᠠᠴᠢᠯᠠᠨ ᠡᠷᠬᠢᠯᠡᠪᠠ᠃ᠴᠠᠰᠤ ᠪᠦᠷᠬᠦᠭᠰᠡᠨ ᠬᠠᠨᠭ᠍ᠭᠠᠢ ᠦᠵᠡᠰᠬᠦᠯᠡᠩ ᠲᠠᠢ᠂ ᠴᠠᠩᠳᠤᠭᠰᠠᠨ ᠬᠦᠯᠦᠭ ᠤᠨ ᠦᠤᠷᠰᠡᠭᠡᠨ ᠰᠤᠨᠤᠰᠬᠤᠯᠠᠩ ᠲᠠᠢ᠃ ᠮᠤᠷᠢᠨ ᠤᠷᠤᠯᠳᠤᠭᠠᠨ ᠤ ᠡᠬᠢᠯᠡᠯᠳᠡ ᠶᠢᠨ ᠶᠤᠰᠤᠯᠠᠯ ᠭᠡᠳᠡᠭ ᠤᠳᠬ᠎ᠠ ᠪᠠᠷ ᠢᠶᠠᠨ ᠮᠤᠷᠢ ᠲᠠᠢ ᠬᠦᠮᠦᠰ ᠤᠯᠠᠨ ᠴᠤᠭᠯᠠᠷᠠᠭᠰᠠᠨ ᠪᠠᠶᠢᠵᠤ ᠪᠢᠯᠡ᠃ ᠬᠦᠢᠳᠡᠨ ᠤ ᠡᠷᠴᠢ ᠶᠢ ᠮᠡᠳᠡᠷᠡᠬᠦᠯᠦᠭᠰᠡᠨ ᠦᠷᠯᠦᠭᠡᠬᠦᠷ ᠶᠠᠪᠠᠭᠠᠨ ᠰᠢᠭᠤᠷᠭ᠎ᠠ ᠶᠠᠪᠤᠵᠤ᠂ ᠶᠠᠰᠤ ᠶᠠᠩᠬᠢᠨᠠᠮ᠎ᠠ ᠵᠢᠪᠡᠷᠯᠠᠵᠤ ᠪᠠᠶᠢᠭᠰᠠᠨ ᠴᠦ ᠮᠤᠷᠢᠨ ᠳᠤ ᠬᠠᠶᠢᠷᠠᠳᠠᠢ ᠭᠦᠮᠦᠰ ᠢ ᠬᠠᠯᠠᠰᠢᠷᠠᠭᠤᠯᠵᠤ ᠴᠢᠳᠠᠭ᠎ᠠ ᠦᠭᠡᠢ᠃ ᠬᠤᠷᠠᠭᠠᠨ ᠮᠠᠯᠠᠭᠠᠢ  ᠶᠢᠨ ᠲᠤᠤᠷ᠎ᠠ ᠢᠷᠠᠯᠵᠠᠭᠰᠠᠨ ᠴᠠᠭᠠᠨ ᠰᠢᠳᠦ ᠭᠠᠷᠭᠠᠨ ᠢᠨᠢᠶᠡᠵᠤ ᠪᠠᠶᠠᠰᠤᠯᠴᠠᠬᠦ ᠨᠢ ᠠᠷᠭ᠎ᠠ ᠦᠭᠡᠢ ᠰᠠᠶᠢᠬᠠᠨ ᠬᠠᠷᠠᠭᠳᠠᠨ᠎ᠠ᠃ ᠰᠠᠶᠢᠬᠠᠠᠠᠦ᠋ᠯᠵᠠᠢ ᠰᠤᠮᠤᠨ ᠤ ᠨᠤᠭᠤᠭᠠᠨᠰᠢᠯᠢ ᠭᠠᠴᠠᠭᠠᠨ ᠤ ᠠᠳᠤᠭᠤᠴᠢᠨ ᠴᠢᠷᠮᠠᠶᠢᠯᠳᠤ ᠭᠡᠷᠭᠡᠢ ᠰᠤᠳᠤᠭᠡᠷᠡᠯ ᠲᠠᠢ ᠪᠠᠨ ᠢᠷᠡᠭᠰᠡᠨ ᠪᠠᠶᠢᠯ᠎ᠠ᠃ ᠴᠢᠷᠮᠠᠶᠢᠯᠳᠤ᠄ ︽ᠪᠢᠳᠡ ᠨᠤᠳᠤᠭ ᠠᠴᠠ ᠪᠠᠨ ᠠᠷᠪᠠᠭᠠᠳ ᠠᠳᠤᠭᠤᠴᠢᠨ ᠴᠤᠭ ᠢᠷᠡᠵᠤ᠂ ᠨᠠᠶᠢᠷ ᠲᠠᠭᠠᠨ ᠪᠠᠶᠠᠷ ᠬᠦᠷ ᠨᠡᠮᠡᠶ᠎ᠠ ᠭᠡᠰᠡᠨ ᠶᠤᠮ︾ ᠭᠡᠵᠤ ᠪᠠᠶᠠᠷᠳᠠᠶᠢᠬᠠᠨ ᠤᠴᠢᠷᠯᠡᠨ᠎ᠠ᠃ ᠡᠬᠢᠯᠡᠯᠳᠡ ᠶᠢᠨ ᠶᠤᠰᠤᠯᠠᠯ ᠳᠡᠭᠡᠷ᠎ᠠ ᠮᠤᠷᠢ ᠲᠠᠢ ᠲᠤᠭᠴᠢᠳ ᠤᠨ ᠡᠩᠨᠡᠭᠡ᠂ ᠲᠡᠮᠡᠭᠡᠴᠢᠳ ᠤᠨ ᠡᠩᠨᠡᠭᠡ᠂ 64 ᠮᠠᠯᠴᠢᠨ ᠤ ᠡᠩᠨᠡᠭᠡ᠂ 7 ᠰᠤᠮᠤ ᠪᠠᠯᠭᠠᠰᠤ ᠶᠢᠨ ᠮᠤᠩᠭᠤᠯ ᠮᠤᠷᠢᠳᠠᠳ ᠤᠨ ᠡᠩᠨᠡᠭᠡ ᠠᠷᠤ ᠠᠷᠤ ᠠᠴᠠ ᠪᠠᠨ ᠲᠠᠯᠠᠪᠠᠢ ᠳᠤ ᠤᠷᠤᠯ᠎ᠠ᠃ ᠡᠬᠢᠯᠡᠯᠳᠡ ᠶᠢᠨ ᠶᠤᠰᠤᠯᠠᠯ ᠳᠤ ᠰᠦᠨᠢᠳ ᠪᠠᠷᠠᠭᠤᠨ ᠬᠤᠰᠢᠭᠤᠨ ᠤ ᠤᠯᠠᠭᠠᠨᠮᠦ᠋ᠴᠢᠷ ᠤᠨ ᠵᠠᠯᠠᠭᠤ ᠳᠠᠭᠤᠴᠢᠨ ᠬᠦᠰᠡᠯᠡᠩ ᠪᠤᠯᠤᠨ ᠭᠤᠷᠪᠠᠨ ᠮᠠᠯᠴᠢᠨ ᠬᠠᠮᠳᠤᠷᠠᠨ ᠰᠦᠨᠢᠳ ᠠᠷᠠᠳ ᠤᠨ ᠳᠠᠭᠤᠤ ︽ᠬᠦᠭᠰᠢᠨ ᠬᠤᠤᠬᠤᠩ︾ ᠳᠠᠭᠤᠤ ᠶᠢ ᠲᠠᠭᠤᠯᠠᠭᠰᠠᠠ ᠨᠢ ᠤᠯᠠᠠ ᠤ ᠠᠩᠬᠠᠷᠤᠯ ᠢ ᠮᠠᠰᠢ ᠶᠡᠭᠡ ᠲᠠᠳᠠᠭᠰᠠᠠ ᠪᠠᠶᠢᠯ᠎ᠠ᠃ ᠲᠡᠳᠡ ᠲᠠᠯᠠᠪᠠᠢ ᠳᠤ ᠮᠤᠷᠢ ᠲᠠᠢ ᠤᠷᠤᠵᠤ᠂ ᠠᠷᠠᠳ ᠤᠨ ᠰᠠᠶᠢᠬᠠᠨ ᠳᠠᠭᠤᠤ ᠪᠠᠨ ᠠᠶᠠᠯᠤᠭᠤᠯᠤᠨ ᠳᠠᠭᠤᠯᠬᠠᠤ ᠳᠤ ᠳᠠᠯᠠᠪᠠᠢ ᠲᠦᠭᠦᠷᠡᠩ ᠬᠦᠮᠦᠰ ᠲᠤᠭᠳᠤᠯᠤᠨ᠂ ᠪᠠᠶᠢᠨ ᠪᠠᠶᠢᠨ ᠠᠯᠠᠭ᠎ᠠ ᠲᠠᠰᠢᠵᠤ ᠲᠤᠭᠳᠤᠯᠤᠨ᠎ᠠ᠃ ᠶᠤᠰᠤᠯᠠᠯ ᠤᠨ ᠳᠠᠷᠠᠭ᠎ᠠ ᠠᠬᠤᠢ ᠲᠠᠯᠠᠪᠠᠢ ᠳᠤ ᠬᠦᠷᠦᠯᠴᠡᠨ ᠢᠷᠡᠭᠰᠡᠨ ᠬᠦᠮᠦᠰ ᠪᠤᠳᠠᠰ ᠤᠨ ᠪᠤᠰᠤ ᠰᠤᠶᠤᠯ ᠤᠨ ᠦᠪ ᠤᠨ ᠦᠵᠡᠬᠦᠯᠭᠡ ᠶᠢ ᠰᠤᠨᠢᠷᠬᠠᠭᠰᠠᠨ ᠤ ᠬᠠᠮᠳᠤ ᠲᠤᠰᠬᠠᠢ ᠪᠡᠯᠡᠳᠭᠡᠭᠰᠡᠨ ᠰᠦᠨᠢᠳ ᠬᠤᠨᠢᠡ ᠮᠢᠬᠠᠨ ᠤ ᠱᠤᠷᠤᠯᠢᠭ ᠢ ᠠᠮᠳᠠᠯᠠᠪᠠ᠃ᠰᠦᠨᠢᠳ ᠨᠤᠳᠤᠭ ᠪᠤᠯ ᠡᠷᠳᠡ ᠳᠡᠭᠡᠳᠤ ᠠᠴᠠ ᠪᠠᠨ ᠬᠤᠷᠳᠤᠨ ᠭᠦᠯᠦᠭ ᠲᠠᠢ ᠭᠡᠳᠡᠭ ᠢᠶᠠᠷ ᠢᠶᠠᠨ ᠠᠯᠳᠠᠷᠰᠢᠭᠰᠠᠨ ᠨᠤᠳᠤᠭ ᠶᠤᠮ᠃ ᠴᠦᠭᠡᠨ ᠭᠡᠳᠦ ᠠᠴᠠ ᠨᠢ ᠵᠢᠱᠢᠶ᠎ᠠ ᠲᠡᠳᠡᠪᠠᠯ᠂ 1900 ᠤᠨ ᠤ ᠦᠶ᠎ᠠ ᠳᠤ ᠬᠤᠷᠳᠤᠯᠠᠵᠤ ᠪᠠᠶᠢᠭᠰᠠᠨ᠂ ᠳᠠᠭᠤᠤ ᠳᠤ ᠮᠦᠡᠭᠭᠡᠷᠡᠭᠰᠡᠨ ᠮᠤᠭᠠᠢ ᠭᠡᠭᠡᠷ ᠠᠴᠠ ᠠᠪᠬᠠᠭᠤᠯᠤᠭᠠᠳ ᠳᠡᠭᠡᠷ᠎ᠠ ᠵᠠᠭᠤᠨ ᠤ ᠲᠠᠪᠢᠭᠠᠳ ᠤᠨ ᠠᠴᠠ ᠬᠤᠷᠳᠤᠯᠠᠵᠤ ᠪᠠᠶᠢᠭᠰᠠᠨ ᠰᠢᠷᠦᠩᠭᠡᠷ ᠤᠨ ᠬᠤᠸᠠ᠂ ᠪᠠᠶᠠᠨ ᠴᠤᠭᠨᠠᠢ ᠶᠢᠨ ᠪᠤᠷᠤ ᠨᠤᠭᠤᠳ᠂ ᠰᠡᠬᠦᠯ ᠳᠤᠨᠢ ᠶᠡᠭᠡ ᠶᠠᠷᠢᠭᠳᠠᠳᠠᠭ ᠵᠢᠹᠦ᠋ ᠬᠠᠯᠳᠠᠷ᠂ ᠶᠠᠷᠠᠭᠡᠳ ᠤᠨ ᠳᠤ ᠠᠯᠳᠠᠷᠰᠢᠵᠤ ᠪᠠᠶᠢᠭᠰᠠᠨ ᠬᠤᠷᠯᠸ᠎ᠠ ᠶᠢᠨ ᠬᠠᠷ᠎ᠠ ᠮᠤᠷᠢ᠂ ᠨᠠᠷᠠᠨᠴᠤᠭᠳᠤ ᠶᠢᠨ ᠬᠦᠷᠡᠩ ᠮᠤᠷᠢ᠂ ᠲᠠᠪᠰᠢᠯᠳᠤ ᠶᠢᠨ ᠬᠦᠷᠡᠩ ᠮᠤᠷᠢ᠂ ᠡᠨᠡ ᠴᠠᠭ ᠲᠤ ᠪᠤᠯ ᠠᠯᠳᠠᠷᠳᠤ ᠤᠶᠠᠭᠠᠴᠢ ᠭᠡᠭᠡᠷᠡᠯᠳᠤ᠂ ᠡᠯᠪᠡᠭᠪᠠᠶᠠᠷ ᠨᠠᠷ ᠤᠨ ᠬᠤᠷᠳᠤᠯᠠᠭᠤᠯᠵᠤ ᠪᠠᠶᠢᠭ᠎ᠠ ᠤᠯᠠᠨ ᠰᠠᠶᠢᠬᠠᠨ ᠮᠤᠷᠢᠳ ᠪᠠᠶᠢᠳᠠᠭ᠃ᠤᠶᠢᠯᠠᠭᠠᠭᠰᠠᠠ ᠢᠶᠠᠷ᠂ ᠰᠦᠨᠢᠳ ᠪᠠᠷᠠᠭᠤᠨ ᠬᠤᠰᠢᠭᠤ ᠦᠷᠳᠡᠭᠡ ᠶᠢᠨ ᠤᠷᠤᠯᠳᠤᠭᠠᠠ ᠨᠢ ᠭᠠᠴᠠᠭ᠎ᠠ᠂ ᠰᠤᠮᠤ ᠪᠠᠯᠭᠠᠰᠤ᠂ ᠬᠤᠰᠢᠭᠤ ᠭᠤᠷᠪᠠᠨ ᠱᠠᠳᠤᠨ ᠳᠤ 30 ᠭᠠᠵᠠᠷ ᠤᠨ ᠠᠯᠤᠰ ᠤᠨ ᠮᠤᠷᠢᠨ ᠤᠷᠤᠯᠳᠤᠭᠠᠨ ᠪᠤᠯᠤᠨ ᠬᠤᠶᠠᠷ ᠲᠦᠷᠦᠯ ᠤᠨ ᠬᠦᠴᠤᠨ ᠵᠠᠯᠭᠠᠬᠤ ᠤᠷᠤᠯᠳᠤᠭᠠᠨ ᠢ ᠵᠤᠬᠢᠶᠠᠨ ᠪᠠᠶᠢᠭᠤᠯᠵᠤ ᠶᠠᠪᠤᠭᠳᠠᠭᠤᠯᠬᠤ ᠶᠤᠮ ᠪᠠᠶᠢᠨ᠎ᠠ᠃ ᠳᠠᠷᠤᠢ 11 ᠰᠠᠷ᠎ᠠ ᠶᠢᠨ 15 ᠤ ᠡᠳᠦᠷ ᠠᠴᠠ 12 ᠰᠠᠷ᠎ᠠ ᠶᠢᠨ 5 ᠤ ᠡᠳᠦᠷ ᠪᠤᠯᠳᠠᠯ᠎ᠠ ᠭᠠᠴᠠᠭ᠎ᠠ ᠱᠠᠳᠤᠨ ᠤ ᠤᠷᠤᠯᠳᠤᠭᠠᠨ ᠢ ᠵᠤᠬᠢᠶᠠᠨ ᠪᠠᠶᠢᠭᠤᠯᠵᠤ ᠂ 12 ᠰᠠᠷ᠎ᠠ ᠶᠢᠨ 10 ᠤ ᠡᠳᠦᠷ ᠠᠴᠠ 12 ᠰᠠᠷ᠎ᠠ ᠶᠢᠨ 20 ᠤ ᠡᠳᠦᠷ ᠪᠤᠯᠳᠠᠯ᠎ᠠ ᠰᠤᠮᠤ ᠪᠠᠯᠭᠠᠰᠤ ᠱᠠᠳᠤᠨ ᠤ ᠤᠷᠤᠯᠳᠤᠭᠠᠨ ᠢ ᠶᠠᠪᠤᠭᠳᠠᠭᠤᠯᠵᠤ᠂ 12 ᠰᠠᠷ᠎ᠠ ᠶᠢᠨ 30 ᠤ ᠡᠳᠦᠷ ᠠᠴᠠ 1 ᠰᠠᠷ᠎ᠠ ᠶᠢᠨ 15 ᠤ ᠡᠳᠦᠷ ᠪᠤᠯᠳᠠᠯ᠎ᠠ ᠬᠤᠰᠢᠭᠤ ᠱᠠᠳᠤᠨ ᠤ ᠤᠷᠤᠯᠳᠤᠭᠠᠨ ᠤ ᠳᠡᠭᠡᠷ᠎ᠠ ᠨᠠᠢᠮᠡᠨ ᠮᠤᠷᠢ ᠠᠶᠢᠮᠠᠭ ᠤᠨ ᠱᠠᠳᠤᠨ ᠤ ᠶᠠᠷᠦᠩᠭᠡᠢ ᠰᠶᠢᠳᠪᠤᠷᠢᠳᠤ ᠤᠷᠤᠯᠳᠤᠭᠠᠨ ᠳᠤ ᠤᠷᠤᠯᠴᠠᠬᠤ ᠪᠤᠯᠤᠨ᠎ᠠ᠃ ᠡᠬᠢᠯᠡᠯᠳᠡ ᠶᠢᠨ ᠶᠤᠰᠤᠯᠠᠯ ᠶᠠᠪᠤᠭᠳᠠᠭᠰᠠᠨ ᠪᠠᠶᠠᠨᠬᠠᠡᠭᠭᠠᠢ ᠭᠠᠴᠠᠭ᠎ᠠ ᠡᠨᠡ ᠤᠳᠠᠭ᠎ᠠ 50 ᠭᠠᠷᠤᠢ ᠮᠤᠷᠢ ᠤᠷᠤᠯᠳᠤᠭᠤᠯᠵᠤ᠂ 15 ᠺᠢᠯᠤᠮᠧᠲᠷ ᠤᠨ ᠮᠤᠩᠭᠤᠯ ᠮᠤᠷᠢᠨ ᠤ ᠤᠷᠤᠯᠳᠤᠭᠠᠨ ᠳᠤ ᠰᠠᠶᠢᠨᠵᠠᠶᠠᠭ᠎ᠠ ᠶᠢᠨ ᠬᠦᠷᠡᠩ ᠮᠤᠷᠢ ᠲᠠᠷᠢᠬᠦᠯᠠᠵᠤ᠂ ᠪᠤᠶᠠᠨ ᠤ ᠰᠠᠷᠠ ᠲᠠᠢ ᠬᠦᠷᠡᠩ ᠮᠤᠷᠢ ᠳᠡᠳ᠋ᠯᠡᠨ᠂ ᠡᠨᠡᠷᠢᠯᠳᠦ ᠶᠢᠨ ᠰᠠᠷᠠ ᠲᠠᠢ ᠭᠡᠭᠡᠷ ᠮᠤᠷᠢ ᠭᠤᠳᠠᠭᠠᠷᠯᠠᠵᠤ᠂ ᠪᠦᠭᠡᠵᠢᠷᠭᠠᠯ ᠤᠨ ᠠᠯᠠᠬ ᠮᠤᠷᠢ ᠲᠦᠷᠪᠠ ᠳᠤ ᠲᠠᠪᠬᠢᠪᠠ᠃ ᠬᠦᠴᠤᠨ ᠵᠠᠯᠭᠠᠬᠤ ᠤᠷᠤᠯᠳᠤᠭᠠᠨ ᠳᠤ ᠤᠶᠠᠩᠭ᠎ᠠ ᠶᠢᠨ ᠲᠤᠭᠤᠶᠢᠯᠠᠩ ᠲᠠᠷᠢᠬᠦᠯᠡᠵᠤ᠂ ᠲᠠᠪᠰᠢᠯᠳᠤ ᠶᠢᠨ ᠲᠤᠭᠤᠶᠢᠯᠠᠩ ᠳᠡᠳ᠋ᠯᠡᠵᠤ᠂ ᠨᠠᠶᠢᠷᠠᠭ ᠤᠨ ᠲᠤᠭᠤᠶᠢᠯᠠᠩ ᠭᠤᠳᠠᠭᠠᠷᠯᠠᠪᠠ᠃ᠡᠬᠢᠯᠡᠯᠳᠡ ᠶᠢᠨ ᠶᠤᠰᠤᠯᠠᠯ ᠤᠨ ᠳᠡᠭᠡᠷ᠎ᠠ ᠬᠦᠷᠡᠩ ᠬᠠᠯᠵᠠᠨ ᠢᠵᠢᠯᠢ ᠵᠢᠰᠤᠮ ᠤᠨ ᠮᠤᠩᠭᠤᠯ ᠮᠤᠷᠢ ᠲᠠᠢ ᠬᠦᠮᠦᠰ ᠤᠯᠠᠨ ᠪᠠᠶᠢᠭᠰᠠᠨ ᠨᠢ ᠪᠢᠳᠠᠠ ᠤ ᠠᠩᠬᠠᠷᠤᠯ ᠢ ᠡᠷᠬᠡ ᠦᠭᠡᠢ ᠳᠠᠳᠠᠵᠤ ᠪᠢᠯᠡ᠃ ᠲᠠᠶᠢᠨᠬᠦ ᠪᠠᠶᠠᠨᠬᠠᠡᠭᠭᠠᠢ ᠭᠠᠴᠠᠭᠠᠨ ᠤ ᠨᠠᠮ ᠤᠨ ᠡᠭᠦᠷ ᠤᠨ ᠱᠦᠵᠢ ᠡᠨᠡᠷᠢᠯᠳᠦ ᠲᠠᠢ ᠠᠭᠤᠯᠵᠠᠵᠤ ᠪᠠᠶᠢᠳᠠᠯ ᠢ ᠤᠶᠢᠯᠠᠭᠠᠯ᠎ᠠ᠃ ᠡᠳᠡᠭᠡᠷ ᠮᠤᠷᠢ ᠲᠠᠢ ᠬᠦᠮᠦᠰ ᠨᠢ ᠪᠦᠷ ᠪᠠᠶᠠᠨᠬᠠᠡᠭᠭᠠᠢ ᠭᠠᠴᠠᠭᠠᠨ ᠤ ᠬᠠᠨᠭ᠍ᠭᠠᠢ ᠮᠤᠩᠭᠤᠯ ᠠᠳᠤᠭᠤᠨ ᠤ ᠬᠤᠷᠰᠢᠶᠠᠵᠢᠯ ᠤᠨ ᠬᠡᠰᠢᠬᠦᠳ ᠪᠠᠶᠢᠵᠤ ᠪᠢᠯᠡ᠃ ᠡᠨᠡᠷᠢᠯᠳᠦ ᠲᠤᠰ ᠬᠤᠷᠰᠢᠶᠠᠵᠢᠯ ᠤᠨ ᠳᠠᠷᠤᠭ᠎ᠠ ᠪᠠᠷ ᠠᠵᠢᠯᠯᠠᠵᠤ ᠪᠠᠶᠢᠯ᠎ᠠ᠃ ᠪᠠᠶᠠᠠᠬᠠᠡᠭᠭᠠᠢ ᠭᠠᠴᠠᠭᠠᠨ ᠤ ᠮᠠᠯᠴᠢᠳ ᠮᠤᠩᠭᠤᠯ ᠠᠳᠤᠭᠤ ᠪᠠᠨ ᠬᠠᠮᠠᠭᠠᠯᠠᠵᠤ ᠮᠠᠯᠵᠢᠬᠤ ᠪᠠᠷ 2014 ᠤᠨ ᠳᠤ 6 ᠡᠷᠦᠬᠡ ᠬᠠᠮᠳᠤᠷᠠᠨ᠂ ᠬᠠᠨᠭ᠍ᠭᠠᠢ ᠮᠤᠩᠭᠤᠯ ᠠᠳᠤᠭᠤᠨ ᠤ ᠬᠤᠷᠰᠢᠶᠠᠵᠢᠯ ᠪᠠᠶᠢᠭᠤᠯᠵᠤ᠂ ᠤᠳᠤ ᠪᠤᠯᠬᠤ ᠳᠤ 500 ᠭᠠᠷᠤᠢ ᠮᠤᠩᠭᠤᠯ ᠠᠳᠤᠭᠤ ᠲᠠᠢ ᠪᠤᠯᠤᠨ ᠬᠦᠭᠵᠢᠵᠤ ᠪᠠᠶᠢᠭ᠎ᠠ ᠵᠢ‌ᠤᠶᠢᠯᠠᠭᠠᠯ᠎ᠠ᠃ ᠲᠡᠶᠢᠨᠬᠦ ᠲᠡᠳᠡ ᠡᠨᠡ ᠤᠳᠠᠭᠠᠨ ᠤ ᠨᠠᠶᠢᠷ ᠢᠶᠠᠷ ᠢᠵᠢᠯᠢ ᠵᠢᠰᠤᠮ ᠤᠨ ᠮᠤᠷᠢᠳ ᠲᠠᠢ ᠭᠠᠨᠭ᠍ᠭᠠᠷᠠᠵᠤ᠂ ᠨᠠᠶᠢᠷ ᠲᠠᠭᠠᠨ ᠨᠢᠭᠡ ᠭᠤᠴᠤ ᠦᠵᠡᠭᠳᠡᠯ ᠢ ᠨᠡᠮᠡᠷᠢᠯᠡᠭᠰᠡᠨ ᠪᠠᠶᠢᠨ᠎ᠠ᠃
 
ᠢᠷᠡᠯᠲᠡ᠄ ᠰᠢᠯᠢ ᠶᠢᠨ ᠭᠤᠤᠯ ᠤᠨ ᠮᠤᠩᠭᠤᠯ ᠰᠤᠨᠢᠨ ᠮᠡᠳᠡᠭᠡᠨ ᠤ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号