ᠠᠪᠠᠭ᠎ᠠ ᠬᠤᠰᠢᠭᠤ ᠤᠲᠤᠬᠠᠨ ᠪᠤᠯᠲᠠᠯ᠎ᠠ 90.38 ᠲᠥᠮᠡᠨ ᠮᠠᠯ ᠵᠠᠷᠤᠴᠠᠭᠤᠯᠪᠠ
ᠨᠡᠶᠢᠲᠡᠯᠡᠭᠰᠡᠨ ᠴᠠᠭ᠄
2023/12/21
ᠠᠪᠠᠭ᠎ᠠ ᠬᠤᠰᠢᠭᠤ ᠤᠲᠤᠬᠠᠨ ᠪᠤᠯᠲᠠᠯ᠎ᠠ 90.38 ᠲᠥᠮᠡᠨ ᠮᠠᠯ ᠵᠠᠷᠤᠴᠠᠭᠤᠯᠪᠠᠪᠡᠯᠬᠦᠲᠡᠢ ᠶᠢᠨ ᠮᠡᠲᠡᠭᠡ ︵ᠴᠢᠮᠡᠭᠡᠯᠡᠭᠴᠢ ᠮᠥᠡᠭᠭᠦᠨᠰᠤᠪᠤᠳ︶ ᠠᠪᠠᠭ᠎ᠠ ᠬᠤᠰᠢᠭᠤᠨ ᠤ 2023 ᠤᠨ ᠤ ᠮᠠᠯ ᠤᠨ ᠵᠠᠷᠤᠴᠠᠭᠤᠯᠤᠯᠲᠠ ᠶᠢᠨ ᠠᠵᠢᠯ ᠰᠢᠪᠲᠤᠷᠠᠭᠠᠨ ᠳᠠᠭᠠᠨ ᠤᠷᠤᠵᠥ᠂ ᠤᠲᠤᠬᠠᠨ ᠪᠤᠯᠲᠠᠯ᠎ᠠ ᠨᠡᠶᠢᠲᠡ 90.38 ᠲᠥᠮᠡᠨ ᠮᠠᠯ ᠵᠠᠷᠤᠴᠠᠭᠤᠯᠪᠠ᠃ ᠡᠬᠦᠨ ᠳᠤ 13.26 ᠲᠥᠮᠡᠨ ᠪᠤᠲᠠ ᠮᠠᠯ᠂ 77.12 ᠲᠥᠮᠡᠨ ᠪᠤᠭ ᠮᠠᠯ ᠪᠠᠭᠲᠠᠵᠥ᠂ ᠬᠤᠰᠢᠭᠤᠨ ᠲᠥᠪ ᠲᠠᠬᠢ ᠤᠯᠠᠭᠠᠨ ᠢᠲᠡᠭᠡᠨ ᠡᠳ᠋ᠰᠢᠬᠦᠯᠥᠨ ᠪᠤᠯᠪᠠᠰᠤᠷᠠᠭᠤᠯᠬᠤ ᠬᠤᠶᠠᠷ ᠠᠵᠤ ᠠᠬᠤᠶᠢᠯᠠᠯ ᠳᠤ ᠨᠡᠶᠢᠲᠡ 19.41 ᠲᠥᠮᠡᠨ ᠮᠠᠯ ᠡᠳ᠋ᠰᠢᠬᠦᠯᠥᠭᠰᠡᠨ ᠪᠠᠶᠢᠨ᠎ᠠ᠃ᠡᠨᠡ ᠵᠢᠯ ᠲᠤᠰ ᠬᠤᠰᠢᠭᠤᠨ ᠤ ᠬᠡᠰᠡᠭ ᠭᠠᠵᠠᠷ ᠤᠷᠤᠨ ᠢᠶᠠᠷ ᠪᠤᠷᠤᠭᠠᠨ ᠬᠤᠷ᠎ᠠ ᠴᠥᠭᠡᠨ᠂ ᠤᠨᠴᠠ ᠵᠠᠷᠢᠮ ᠪᠡᠯᠴᠢᠭᠡᠷ ᠠᠲᠠᠯᠢ ᠪᠤᠰᠤ ᠬᠡᠮᠵᠢᠶ᠎ᠠ ᠪᠠᠷ ᠭᠠᠨᠭ᠍ᠲᠠᠨ ᠡᠪᠡᠰᠥᠨ ᠤ ᠭᠠᠷᠤᠯᠲᠠ ᠶᠢ ᠶᠡᠬᠡᠪᠡᠷ ᠨᠥᠯᠥᠭᠡᠯᠡᠵᠥ᠂ ᠮᠠᠯ ᠤᠨ ᠥᠨ᠎ᠠ ᠬᠠᠨᠭ᠍ᠰᠢ ᠲᠤᠭᠲᠠᠪᠤᠷᠢ ᠥᠭᠡᠢ ᠪᠤᠯᠵᠥ᠂ ᠮᠠᠯᠴᠢᠳ ᠤᠨ ᠡᠵᠡᠩᠨᠡᠯᠲᠡ ᠶᠢᠨ ᠥᠷᠲᠡᠭ ᠪᠠ ᠮᠠᠯᠵᠢᠯ ᠤᠨ ᠲᠥᠭᠰᠢᠬᠦᠷᠢ ᠶᠢ ᠨᠡᠮᠡᠭᠲᠡᠬᠦᠯᠵᠡᠢ᠃ ᠡᠨᠡ ᠪᠠᠶᠢᠲᠠᠯ ᠳᠤ ᠲᠤᠰ ᠬᠤᠰᠢᠭᠤᠨ ᠤ ᠵᠠᠰᠠᠭ ᠤᠨ ᠤᠷᠤᠨ ᠨᠢ ᠵᠤᠨ ᠠᠴᠠ ᠨᠠᠭᠠᠰᠢ᠂ ᠬᠠᠮᠢᠶ᠎ᠠ ᠪᠥᠬᠦᠢ ᠰᠠᠯᠠᠭ᠎ᠠ ᠮᠥᠴᠢᠷ ᠢ ᠵᠤᠬᠢᠶᠠᠨ ᠪᠠᠶᠢᠭᠤᠯᠤᠨ ᠵᠠᠬ᠎ᠠ ᠲᠡᠯᠭᠡᠭᠦᠷ ᠲᠤ ᠪᠠᠶᠢᠴᠠᠭᠠᠨ ᠰᠤᠲᠤᠯᠤᠯᠲᠠ ᠬᠢᠬᠦ᠂ ᠡᠷᠥᠭᠡ ᠪᠠᠷ ᠬᠥᠨᠵᠡᠭᠡᠶᠢᠷᠡᠨ ᠪᠠᠶᠢᠲᠠᠯ ᠤᠶᠢᠯᠠᠭᠠᠬᠤ ᠵᠡᠷᠭᠡ ᠬᠡᠯᠪᠡᠷᠢ ᠪᠠᠷ ᠲᠠᠮᠵᠢᠭᠤᠯᠤᠨ᠂ ᠮᠠᠯᠵᠢᠬᠤ ᠡᠷᠥᠭᠡ ᠶᠢᠨ ᠥᠢᠯᠡᠳᠪᠤᠷᠢᠯᠡᠯ ᠤᠨ ᠥᠷᠲᠡᠭ  ᠢ ᠪᠠᠭᠤᠷᠠᠭᠤᠯᠬᠤ᠂ ᠮᠠᠯ ᠤᠨ ᠠᠰᠢᠭ ᠰᠢᠮ᠎ᠠ ᠶᠢᠨ ᠪᠤᠷᠤᠯᠠᠭᠤᠯᠭ᠎ᠠ ᠶᠢᠨ ᠵᠠᠮ ᠢ ᠥᠷᠭᠡᠳᠭᠡᠬᠦ‍ ᠨᠢᠭᠡ ᠪᠥᠯᠥᠭ ᠠᠷᠭ᠎ᠠ ᠬᠡᠮᠵᠢᠶ᠎ᠠ ᠲᠤᠭᠲᠠᠭᠠᠪᠠ᠃ ᠠᠶᠢᠮᠠᠭ ᠤᠨ ᠲᠤᠲᠤᠨ᠎ᠠ ᠭᠠᠲᠠᠨᠠᠬᠢ ᠡᠯ᠎ᠠ ᠲᠥᠷᠥᠯ ᠤᠨ ᠠᠮᠢᠲᠤ ᠮᠠᠯ ᠤᠨ ᠰᠤᠯᠢᠯᠴᠠᠭᠠᠨ ᠤ ᠵᠠᠬ᠎ᠠ ᠵᠢᠴᠢ ᠬᠤᠯᠢᠮᠠᠭ ᠪᠤᠷᠲᠤᠭ᠎ᠠ ᠨᠠᠶᠢᠷᠠᠵᠥ ᠪᠤᠷᠤᠯᠠᠭᠤᠯᠬᠤ ᠭᠤᠤᠯ ᠪᠤᠯᠬᠤ ᠮᠡᠲᠡᠭᠡ ᠵᠠᠩᠭᠢ ᠶᠢ ᠵᠤᠬᠢᠴᠠᠭᠤᠯᠤᠨ ᠴᠤᠭᠯᠠᠭᠤᠯᠵᠥ᠂ ︽ᠰᠠᠨᠠᠭᠠᠴᠢᠯᠠᠭ᠎ᠠ ᠶᠢᠨ ᠪᠢᠴᠢᠭ︾ ᠲᠠᠷᠤᠮᠠᠯᠯᠠᠨ ᠲᠠᠷᠬᠠᠭᠠᠵᠥ᠂ ᠮᠠᠯᠴᠢᠳ ᠵ᠊ ᠬᠥᠲᠥᠯᠥᠨ ᠵᠢᠯᠤᠭᠤᠳᠴᠥ ᠪᠠᠶᠢᠭᠠᠳ ᠬᠡᠷᠡᠭᠴᠡᠭᠡ ᠱᠠᠭᠠᠷᠲᠠᠯᠭ᠎ᠠ ᠪᠠᠨ ᠥᠨᠲᠤᠰᠤᠯᠡᠨ ᠲᠤᠬᠢᠷᠠᠮᠵᠢᠲᠠᠢ ᠬᠤᠯᠢᠮᠠᠭ ᠪᠤᠷᠲᠤᠭ᠎ᠠ ᠪᠤᠶᠤ ᠠᠷᠠᠯᠵᠢᠶᠠᠨ ᠤ ᠵᠠᠬ᠎ᠠ ᠲᠡᠯᠭᠡᠭᠦᠷ ᠢ ᠰᠤᠩᠭᠤᠬᠤ ᠳᠤ ᠦᠢᠯᠡᠴᠢᠯᠡᠪᠠ᠃ ᠡᠬᠦᠨ ᠤ ᠬᠠᠮᠲᠤ ︽ᠠᠪᠠᠭ᠎ᠠ ᠬᠤᠰᠢᠭᠤᠨ ᠤ 2023 ᠤᠨ ᠤ ᠲᠥᠪ ᠤᠨ ᠲᠠᠷᠢᠶᠠᠯᠠᠩ ᠮᠠᠯ ᠠᠵᠤ ᠠᠬᠤᠢ ᠶᠢᠨ ᠭᠠᠮᠰᠢᠭ ᠢ ᠰᠡᠷᠭᠡᠶᠢᠯᠡᠨ ᠬᠤᠬᠢᠷᠠᠯ ᠢ ᠪᠠᠭᠠᠰᠬᠠᠬᠤ ᠪᠡᠯᠡ ᠮᠥᠡᠭᠭᠦ ᠶᠢᠨ ᠬᠤᠪᠢᠶᠠᠷᠢᠯᠠᠯᠲᠠ ᠶᠢᠨ ᠲᠥᠰᠥᠯ︾ ᠢ ᠲᠤᠭᠲᠠᠭᠠᠠ ᠲᠠᠷᠤᠮᠠᠯᠯᠠᠨ ᠲᠠᠷᠬᠠᠭᠠᠵᠥ᠂ ᠡᠪᠡᠰᠥ ᠪᠤᠷᠲᠤᠭ᠎ᠠ ᠡᠵᠡᠩᠨᠡᠨ ᠪᠤᠷᠤᠯᠠᠭᠤᠯᠬᠤ ᠠᠵᠤ ᠠᠬᠤᠶᠢᠯᠠᠯ᠂ ᠬᠤᠯᠢᠮᠠᠭ ᠪᠤᠷᠲᠤᠭ᠎ᠠ ᠨᠠᠶᠢᠷᠠᠵᠥ ᠪᠤᠯᠪᠠᠰᠤᠷᠠᠭᠤᠯᠬᠤ ᠠᠵᠤ ᠠᠬᠤᠶᠢᠯᠠᠯ ᠬᠢᠭᠡᠳ ᠮᠠᠯᠵᠢᠬᠤ ᠤᠷᠤᠨ ᠤ ᠬᠠᠮᠲᠤ ᠶᠢᠨ ᠬᠤᠪᠢ ᠤᠷᠤᠭᠤᠯᠤᠭᠰᠠᠨ ᠠᠵᠤ ᠠᠬᠤᠢ ᠶᠢᠨ ᠬᠤᠷᠰᠢᠶᠠᠵᠢᠯ᠂ ᠮᠠᠯᠴᠢᠳ ᠤᠨ ᠲᠤᠰᠬᠠᠢ ᠬᠤᠷᠰᠢᠶᠠᠵᠢᠯ ᠵᠡᠷᠭᠡ ᠶᠢ ᠵᠤᠷᠢᠬᠵᠢᠭᠤᠯᠤᠨ ᠵᠢᠯᠤᠭᠤᠳᠴᠥ ᠪᠠᠶᠢᠭᠠᠳ ᠭᠠᠮᠰᠢᠭ ᠠᠴᠠ ᠰᠡᠷᠭᠡᠶᠢᠯᠡᠨ ᠬᠤᠬᠢᠷᠠᠯ ᠢ ᠪᠠᠭᠠᠰᠬᠠᠬᠤ ᠪᠠᠴᠢᠮ ᠪᠠᠶᠢᠲᠠᠯ ᠢ ᠠᠷᠭᠠᠴᠠᠭᠠᠬᠤ ᠲᠡᠵᠢᠭᠡᠯ ᠡᠪᠡᠰᠥ ᠨᠥᠭᠡᠴᠡᠯᠡᠬᠦ ᠵᠢᠴᠢ ᠬᠤᠯᠢᠮᠠᠭ ᠪᠤᠷᠲᠤᠭ᠎ᠠ ᠪᠠᠷ ᠲᠡᠵᠢᠭᠡᠬᠦ ᠵᠠᠬᠪᠤᠷ ᠢ ᠲᠥᠭᠡᠮᠡᠯᠵᠢᠬᠦᠯᠬᠦ ᠥᠢᠯᠡᠴᠢᠯᠡᠭᠡ ᠥᠷᠨᠢᠬᠦᠯᠵᠥ᠂ ᠮᠠᠯ ᠤᠨ ᠵᠠᠷᠤᠴᠠᠭᠤᠯᠤᠯᠲᠠ ᠶᠢ ᠬᠠᠮᠤᠭ ᠶᠡᠭᠡ ᠬᠡᠮᠵᠢᠶᠡᠨ ᠳᠤ ᠬᠥᠷᠭᠡᠵᠥ᠂ ᠤᠨᠲᠤᠷᠤᠭᠤᠯᠬᠤ ᠮᠠᠯ ᠤᠨ ᠲᠤᠭ᠎ᠠ ᠶᠢ ᠪᠠᠭᠠᠰᠬᠠᠵᠥ᠂ ᠮᠠᠯ ᠲᠡᠵᠢᠭᠡᠬᠦ ᠥᠪᠡᠷ ᠤᠨ ᠥᠷᠲᠡᠭ ᠢ ᠪᠠᠭᠤᠷᠠᠭᠤᠯᠵᠥ᠂ ᠨᠤᠲᠤᠭ ᠪᠡᠯᠴᠢᠭᠡᠷ ᠤᠨ ᠲᠠᠷᠤᠯᠲᠠ ᠶᠢ ᠬᠥᠡᠭᠭᠡᠷᠡᠬᠦᠯᠬᠦ ᠪᠠᠷ ᠠᠵᠢᠯᠯᠠᠭᠰᠠᠨ ᠪᠠᠶᠢᠨ᠎ᠠ᠃
 
ᠢᠷᠡᠯᠲᠡ᠄ ᠰᠢᠯᠢ ᠶᠢᠨ ᠭᠤᠤᠯ ᠤᠨ ᠮᠤᠩᠭᠤᠯ ᠰᠤᠨᠢᠨ ᠮᠡᠳᠡᠭᠡᠨ ᠤ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号