ᠬᠥᠪᠡᠭᠡᠲᠦ ᠰᠢᠷ᠎ᠠ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠦᠢᠯᠡᠴᠢᠯᠡᠭᠡ ᠪᠠᠨ ᠰᠢᠯᠢᠳᠡᠭᠵᠢᠬᠦᠯᠦᠨ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2023/12/21
ᠬᠥᠪᠡᠭᠡᠲᠦ ᠰᠢᠷ᠎ᠠ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠦᠢᠯᠡᠴᠢᠯᠡᠭᠡ ᠪᠠᠨ ᠰᠢᠯᠢᠳᠡᠭᠵᠢᠬᠦᠯᠦᠨ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠᠰᠢᠨᠡᠪᠤᠯᠠᠭ ᠤᠨ ᠮᠡᠳᠡᠭᠡ ᠡᠨᠡ ᠵᠢᠯ ᠠᠴᠠ ᠨᠠᠭᠠᠰᠢ᠂ ᠬᠥᠪᠡᠭᠡᠲᠦ ᠰᠢᠷ᠎ᠠ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠨᠢ ᠳᠥᠭᠦᠮᠴᠢᠯᠡᠭᠰᠡᠨ᠂ ᠣᠶᠤᠨᠴᠢᠯᠠᠭᠰᠠᠨ ᠭᠠᠶᠢᠯᠢ ᠲᠤᠰᠢᠶᠠᠬᠤ ᠦᠢᠯᠡᠴᠢᠯᠡᠭᠡᠨ ᠤ ᠠᠷᠭ᠎ᠠ ᠬᠡᠮᠵᠢᠶ᠎ᠡ ᠠᠪᠴᠦ᠂ ᠠᠵᠤ ᠠᠬᠤᠶᠢᠯᠠᠯ ᠢ ᠬᠠᠪᠰᠤᠷᠤᠨ ᠭᠠᠶᠢᠯᠢ ᠲᠠᠲᠠᠪᠤᠷᠢ ᠶᠢᠨ ᠥᠪᠡᠷ ᠤᠨ ᠥᠷᠲᠡᠭ ᠢ ᠪᠠᠭᠤᠷᠠᠭᠤᠯᠤᠨ᠂ ᠭᠠᠶᠢᠯᠢ ᠭᠦᠢᠴᠡᠳᠬᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠦ ᠪᠤᠢ᠃ᠭᠠᠶᠢᠯᠢ ᠲᠤᠰᠢᠶᠠᠭᠴᠢ ᠶᠢᠨ ᠭᠠᠶᠢᠯᠢ ᠳᠤ ᠬᠤᠯᠪᠣᠭᠳᠠᠬᠤ ᠲᠤᠬᠠᠶᠢᠯᠠᠭᠰᠠᠨ ᠠᠵᠢᠯ ᠢ ᠭᠡᠷ ᠲᠡᠭᠡᠨ ᠭᠦᠢᠴᠡᠳᠬᠡᠬᠦ ᠶᠢ ᠪᠡᠶᠡᠯᠡᠬᠦᠯᠬᠦ ᠶᠢᠨ ᠲᠥᠯᠥᠭᠡ᠂ ᠲᠣᠰ ᠲᠣᠪᠴᠢᠶ᠎ᠠ ᠨᠢ ᠡᠯᠧᠺᠲᠷᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠭᠠᠷ ᠤᠲᠠᠰᠤᠨ ᠤ APP ᠵᠡᠷᠭᠡ ᠠᠷᠭ᠎ᠠ ᠮᠠᠶ᠋ᠢᠭ ᠢ ᠪᠥᠬᠦ ᠲᠠᠯ᠎ᠠ ᠪᠠᠷ ᠳᠡᠯᠭᠡᠷᠡᠭᠦᠯᠦᠨ᠂ ᠭᠠᠶᠢᠯᠢ ᠲᠤᠰᠢᠶᠠᠬᠤ ᠪᠠᠷ ᠮᠡᠳᠡᠭᠦᠯᠬᠦ᠂ ᠭᠠᠶᠢᠯᠢ ᠲᠤᠰᠢᠶᠠᠬᠤ᠂ ᠭᠠᠶᠢᠯᠢ ᠪᠤᠴᠠᠭᠠᠬᠤ ᠵᠡᠷᠭᠡ ᠲᠤᠬᠠᠶᠢᠯᠠᠭᠰᠠᠨ ᠠᠵᠢᠯ ᠤᠨ ᠪᠥᠬᠦ ᠶᠠᠪᠤᠴᠠ ᠶᠢ ᠰᠦᠯᠵᠢᠶᠡᠨ ᠳᠡᠭᠡᠷ᠎ᠡ ᠭᠦᠢᠴᠡᠳᠬᠡᠬᠦ ᠶᠢ ᠪᠡᠶᠡᠯᠡᠭᠦᠯᠵᠡᠢ᠃ ᠠᠵᠤ ᠠᠬᠤᠶᠢᠯᠠᠯ ᠨᠢ ᠺᠣᠮᠫᠢᠦ᠋ᠲ᠋ᠧᠷ᠂ ᠭᠠᠷ ᠤᠲᠠᠰᠤ ᠵᠡᠷᠭᠡ ᠦᠵᠦᠭᠦᠷ ᠲᠥ᠋ᠬᠦᠭᠡᠷᠦᠮᠵᠢ ᠪᠠᠷ ᠭᠠᠶᠢᠯᠢ ᠳᠤ ᠬᠤᠯᠪᠣᠭᠳᠠᠬᠤ ᠲᠤᠬᠠᠶᠢᠯᠠᠭᠰᠠᠨ ᠠᠵᠢᠯ ᠢ ᠬᠡᠵᠢᠶ᠎ᠡ ᠬᠠᠮᠢᠭ᠎ᠠ ᠴᠤ ᠭᠡᠰᠡᠨ ᠭᠦᠢᠴᠡᠳᠬᠡᠬᠦ ᠪᠤᠯᠵᠦ᠂ ᠭᠠᠶᠢᠯᠢ ᠲᠤᠰᠢᠶᠠᠬᠤ ᠴᠠᠭ ᠪᠤᠯᠤᠨ ᠥᠪᠡᠷ ᠤᠨ ᠥᠷᠲᠡᠭ ᠢ ᠶᠡᠬᠡᠪᠡᠷ ᠠᠷᠪᠢᠯᠠᠭᠰᠠᠨ ᠪᠠᠶᠢᠨ᠎ᠠ᠃ᠠᠵᠤ ᠠᠬᠤᠶᠢᠯᠠᠯ ᠤᠨ ᠭᠠᠶᠢᠯᠢ ᠲᠤᠰᠢᠶᠠᠬᠤ ᠥᠪᠡᠷ ᠤᠨ ᠥᠷᠲᠡᠭ ᠢ ᠪᠠᠭᠤᠷᠠᠭᠤᠯᠬᠤ ᠶᠢᠨ ᠲᠥᠯᠥᠭᠡ᠂ ᠲᠣᠰ ᠲᠣᠪᠴᠢᠶ᠎ᠠ ᠭᠠᠶᠢᠯᠢ ᠲᠤᠰᠢᠶᠠᠬᠤ ᠪᠠᠷ ᠮᠡᠳᠡᠭᠦᠯᠬᠦ ᠶᠠᠪᠤᠴᠠ ᠶᠢ ᠲᠠᠰᠤᠷᠠᠯᠲᠠ ᠦᠭᠡᠢ ᠰᠢᠯᠢᠳᠡᠭᠵᠢᠭᠦᠯᠦᠨ᠂ ︽ᠨᠢᠭᠡ ᠯᠡ ᠤᠳᠠᠭ᠎ᠠ ᠳᠤ ᠮᠡᠳᠡᠭᠳᠡᠬᠦ︾ ᠳᠦᠷᠢᠮ ᠢ ᠰᠠᠨᠠᠭᠠᠴᠢᠯᠠᠭ᠎ᠠ ᠠᠴᠠ ᠪᠠᠨ ᠨᠠᠶᠢᠳᠠᠪᠤᠷᠢᠵᠢᠭᠤᠯᠵᠤ᠂ ᠭᠠᠶᠢᠯᠢ ᠲᠤᠰᠢᠶᠠᠭᠴᠢ ᠶᠢᠨ ᠭᠠᠶᠢᠯᠢ ᠳᠤ ᠬᠤᠯᠪᠣᠭᠳᠠᠬᠤ ᠲᠤᠬᠠᠶᠢᠯᠠᠭᠰᠠᠨ ᠠᠵᠢᠯ ᠢ ᠭᠦᠢᠴᠡᠳᠬᠡᠬᠦ ᠳᠤ ᠬᠡᠷᠡᠭᠰᠡᠬᠦ ᠮᠠᠲ᠋ᠧᠷᠢᠶᠠᠯ ᠪᠠ ᠶᠠᠪᠤᠴᠠ ᠶᠢ ᠪᠦᠷᠢᠨ ᠬᠦᠢᠴᠡᠳ ᠣᠶᠢᠯᠠᠭᠠᠬᠤ ᠶᠢ ᠦᠨᠡᠨᠬᠦ ᠪᠠᠲᠤᠯᠠᠪᠠ᠃ ᠡᠭᠦᠨ ᠠᠴᠠ ᠭᠠᠳᠠᠨ᠎ᠠ᠂ ᠭᠠᠶᠢᠯᠢ ᠰᠦᠢᠳᠬᠡᠯ ᠤᠨ ᠲᠤᠬᠠᠶᠢᠯᠠᠭᠰᠠᠨ ᠠᠵᠢᠯ ᠤᠨ ᠬᠠᠮᠵᠢᠯᠴᠠᠬᠤ ᠲᠣᠭᠲᠠᠴᠠ ᠶᠢ ᠶᠡᠭᠡ ᠲᠢᠩᠬᠢᠮ ᠳᠤ ᠤᠷᠤᠭᠤᠯᠵᠦ᠂ ᠲᠤᠬᠠᠶᠢᠯᠠᠭᠰᠠᠨ ᠠᠵᠢᠯ ᠤᠨ ᠭᠤᠣᠯᠯᠠᠭᠴᠢ ᠬᠦᠴᠦᠨ ᠢ ᠵᠣᠬᠢᠶᠠᠨ ᠪᠠᠶᠢᠭᠤᠯᠵᠤ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠪᠠ ᠦᠢᠯᠡᠴᠢᠯᠡᠭᠡ ᠶᠢ ᠰᠢᠯᠢᠳᠡᠭᠵᠢᠭᠦᠯᠬᠦ ᠲᠠᠯ᠎ᠠ ᠪᠠᠷ ᠬᠦᠴᠦᠯᠡᠵᠦ᠂ ᠭᠠᠶᠢᠯᠢ ᠲᠤᠰᠢᠶᠠᠭᠴᠢ ᠳᠤ ᠲᠥᠷᠥ ᠶᠢᠨ ᠪᠣᠳᠣᠯᠭ᠎ᠠ ᠶᠢ ᠣᠶᠢᠯᠠᠭᠠᠭᠤᠯᠵᠦ᠂ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠢ ᠬᠦᠷᠲᠡᠭᠡᠪᠡ᠃ᠲᠣᠰ ᠲᠣᠪᠴᠢᠶ᠎ᠠ ᠨᠢ ᠭᠠᠶᠢᠯᠢ ᠲᠤᠰᠢᠶᠠᠬᠤ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠂ ᠪᠣᠯᠪᠠᠰᠤᠷᠠᠯ ᠡᠷᠬᠢᠯᠡᠬᠦ᠂ ᠬᠠᠪᠰᠤᠷᠤᠨ ᠵᠢᠯᠤᠭᠤᠳᠬᠤ ᠵᠡᠷᠭᠡ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ᠂ ᠭᠠᠶᠢᠯᠢ ᠲᠤᠰᠢᠶᠠᠭᠴᠢ ᠶᠢ ᠬᠠᠪᠰᠤᠷᠤᠨ ᠭᠠᠶᠢᠯᠢ ᠲᠠᠲᠠᠪᠤᠷᠢ ᠶᠢᠨ ᠲᠥᠷᠥ ᠶᠢᠨ ᠪᠣᠳᠣᠯᠭ᠎ᠠ ᠶᠢ ᠣᠶᠢᠯᠠᠭᠠᠭᠤᠯᠵᠤ᠂ ᠰᠦᠯᠵᠢᠶ᠎ᠡ ᠪᠠᠷ ᠭᠠᠶᠢᠯᠢ ᠲᠤᠰᠢᠶᠠᠬᠤ ᠮᠡᠷᠭᠡᠵᠢᠯ ᠢ ᠡᠵᠡᠮᠰᠢᠭᠦᠯᠪᠡ᠃ ᠭᠠᠶᠢᠯᠢ ᠲᠤᠰᠢᠶᠠᠭᠴᠢ ᠶᠢᠨ ᠲᠤᠰᠬᠠᠬᠰᠠᠨ ᠠᠰᠠᠭᠤᠳᠠᠯ ᠪᠤᠯᠤᠨ ᠰᠠᠨᠠᠯ ᠰᠠᠨᠠᠭᠤᠯᠭ᠎ᠠ ᠶᠢ ᠴᠠᠭ ᠲᠤᠬᠠᠢ ᠳᠤᠨᠢ ᠭᠥᠯᠢᠶᠡᠨ ᠰᠶᠢᠳᠪᠦᠷᠢᠯᠡᠵᠦ᠂ ᠭᠠᠶᠢᠯᠢ ᠲᠤᠰᠢᠶᠠᠭᠴᠢ ᠶᠢᠨ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠵᠠᠢ᠃ ︵ᠭᠤᠤ ᠷᠦᠸᠧ ᠶᠠᠨ︶
 
ᠢᠷᠡᠯᠲᠡ᠄ ᠰᠢᠯᠢ ᠶᠢᠨ ᠭᠤᠤᠯ ᠤᠨ ᠮᠤᠩᠭᠤᠯ ᠰᠤᠨᠢᠨ ᠮᠡᠳᠡᠭᠡᠨ ᠤ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号