ᠰᠢᠯᠤᠭᠤᠨ ᠬᠥᠬᠡ ᠬᠤᠰᠢᠭᠤᠨ ᠤ ᠭᠠᠶᠢᠯᠢ ᠶᠢᠨ ᠲᠣᠪᠴᠢᠶ᠎ᠠ ᠭᠠᠶᠢᠯᠢ ᠰᠦᠢᠳᠬᠡᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠦ ᠪᠤᠢ
ᠨᠡᠶᠢᠲᠡᠯᠡᠭᠰᠡᠨ ᠴᠠᠭ᠄
2023/12/21
ᠰᠢᠯᠤᠭᠤᠨ ᠬᠥᠬᠡ ᠬᠤᠰᠢᠭᠤᠨ ᠤ ᠭᠠᠶᠢᠯᠢ ᠶᠢᠨ ᠲᠣᠪᠴᠢᠶ᠎ᠠ ᠭᠠᠶᠢᠯᠢ ᠰᠦᠢᠳᠬᠡᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠦ ᠪᠤᠢᠲᠣᠰ ᠰᠣᠨᠢᠨ ᠤ ᠮᠡᠳᠡᠭᠡ ︵ᠬᠠᠮ ᠵᠠᠭᠤᠴᠢᠯᠠᠭᠤᠷ ᠤᠨ ᠰᠤᠷᠪᠤᠯᠵᠢᠯᠠᠭᠴᠢ ᠯᠢ ᠶᠠᠩ︶ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠦᠭᠵᠢᠬᠡᠵᠦ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢᠨ ᠲᠥᠯᠥᠭᠡ᠂ ᠰᠢᠯᠤᠭᠤᠨ ᠬᠥᠬᠡ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠨᠢ ᠤᠬᠠᠭᠤᠯᠭ᠎ᠠ ᠦᠢᠯᠡᠴᠢᠯᠡᠭᠡ ᠶᠢ ᠪᠥ᠋ᠬᠦ ᠲᠠᠯ᠎ᠠ ᠪᠠᠷ ᠦᠷᠨᠢᠬᠦᠯᠵᠦ᠂ ᠭᠠᠶᠢᠯᠢ ᠲᠤᠰᠢᠶᠠᠬᠤ ᠦᠢᠯᠡᠴᠢᠯᠡᠭᠡ ᠶᠢᠨ ᠲᠦᠷᠢᠮᠵᠢᠯᠳᠡ᠂ ᠳᠥᠭᠦᠮᠴᠢᠯᠡᠯᠲᠡ ᠶᠢ ᠦᠷᠭᠦᠯᠵᠢᠯᠡᠨ ᠠᠬᠢᠭᠤᠯᠵᠤ ᠂ ᠭᠠᠶᠢᠯᠢ ᠰᠦᠢᠳᠬᠡᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠪᠠ᠃ ᠰᠢᠯᠤᠭᠤᠨ ᠬᠥᠬᠡ ᠬᠤᠰᠢᠭᠤᠨ ᠤ ᠭᠠᠶᠢᠯᠢ ᠭᠦᠢᠴᠡᠳᠬᠡᠬᠦ ᠦᠢᠯᠡᠴᠢᠯᠡᠭᠡᠨ ᠤ ᠲᠢᠩᠬᠢᠮ ᠳᠤ᠂ ᠨᠠᠮ ᠤᠨ ᠭᠡᠰᠢᠭᠦᠨ ᠺᠠᠳ᠋ᠷ᠂ ᠵᠠᠯᠠᠭᠤ ᠺᠠᠳ᠋ᠷᠴᠤᠳ ᠲᠦᠷᠦᠭᠦᠯᠡᠨ ᠭᠠᠶᠢᠯᠢ ᠰᠦᠢᠳᠬᠡᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠰᠤᠷᠤᠯᠴᠠᠨ ᠤᠬᠠᠭᠤᠯᠵᠤ᠂ ᠲᠥᠷᠥ ᠶᠢᠨ ᠪᠣᠳᠣᠯᠭ᠎ᠠ ᠶᠢ ᠦᠨᠡᠨᠬᠦ ᠰᠠᠶᠢᠲᠤᠷ ᠡᠵᠡᠮᠰᠢᠵᠠᠢ᠃ ᠡᠷᠳᠡ ᠶᠢᠨ ᠬᠤᠷᠠᠯ᠂ ᠰᠠᠷ᠎ᠠ ᠪᠦᠷᠢ ᠶᠢᠨ ᠰᠢᠯᠭᠠᠯᠲᠠ ᠪᠠᠷ ᠳᠡᠮᠵᠢᠨ ᠪᠥᠬᠦ ᠠᠵᠢᠯᠲᠠᠳ ᠭᠠᠶᠢᠯᠢ ᠰᠦᠢᠳᠬᠡᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠰᠤᠷᠤᠯᠴᠠᠵᠤ ᠡᠵᠡᠮᠰᠢᠵᠠᠢ᠃ ᠢᠯᠡ ᠨᠡᠶᠢᠳᠡᠯᠡᠬᠦ ᠰᠠᠮᠪᠠᠷ᠎ᠠ᠂ ᠤᠬᠠᠭᠤᠯᠭ᠎ᠠ ᠶᠢᠨ ᠰᠠᠮᠪᠠᠷ᠎ᠠ ᠳᠤ ᠭᠠᠶᠢᠯᠢ ᠰᠦᠢᠳᠬᠡᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠤᠬᠠᠭᠤᠯᠤᠨ ᠲᠠᠶᠢᠯᠪᠤᠷᠢᠯᠠᠬᠤ ᠮᠠᠲ᠋ᠧᠷᠢᠶᠠᠯ ᠢ ᠳᠡᠯᠭᠡᠨ ᠦᠵᠡᠬᠦᠯᠵᠦ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠪᠠ᠃ ᠭᠠᠶᠢᠯᠢ ᠬᠦᠢᠴᠡᠳᠬᠡᠬᠦ ᠲᠤᠭᠤᠷᠢᠭ ᠲᠤ ᠲᠤᠬᠠᠶᠢᠯᠠᠭᠰᠠᠨ ᠠᠵᠢᠯ ᠤᠨ ᠭᠤᠣᠯᠯᠠᠭᠴᠢ ᠬᠦᠴᠦᠨ ᠢ ᠲᠣᠬᠢᠷᠠᠭᠤᠯᠤᠨ᠂ ᠨᠢᠭᠤᠷᠳᠡᠨ ᠵᠢᠯᠤᠭᠤᠳᠬᠤ ᠬᠠᠪᠰᠤᠷᠤᠯᠭ᠎ᠠ ᠦᠵᠡᠬᠦᠯᠵᠦ᠂ ᠤᠯᠠᠨ ᠲᠦᠮᠡᠨ ᠤ ᠭᠠᠶᠢᠯᠢ ᠰᠦᠢᠳᠬᠡᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠠᠴᠠ ᠠᠰᠢᠭ ᠬᠦᠷᠳᠡᠬᠦ ᠶᠢ ᠪᠡᠶᠡᠯᠡᠭᠦᠯᠵᠠᠢ᠃ᠰᠢᠯᠤᠭᠤᠨ ᠬᠥᠬᠡ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠨᠢᠭᠡᠳᠦᠭᠡᠷ ᠭᠠᠶᠢᠯᠢ ᠶᠢᠨ ᠶᠠᠪᠤᠳᠠᠯ ᠤᠨ ᠬᠤᠪᠢᠶᠠᠷᠢ ᠲᠣᠪᠴᠢᠶ᠎ᠠ ᠨᠢ ᠭᠤᠣᠯᠳᠠᠯᠭ᠎ᠠ ᠲᠠᠢ ᠦᠢᠯᠡᠳᠪᠦᠷᠢ ᠬᠤᠳᠠᠯᠳᠤᠭᠠᠨ ᠤ ᠡᠳᠡᠭᠡᠳ ᠤᠨ ᠭᠠᠶᠢᠯᠢ ᠰᠦᠢᠳᠬᠡᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠥᠳᠡᠯᠦᠩᠭᠦᠢ ᠪᠠᠷ ᠬᠢᠨᠠᠨ ᠡᠵᠡᠮᠳᠡᠵᠦ᠂ ᠱᠠᠩᠳᠤ ᠪᠠᠯᠭᠠᠰᠤᠨ ᠤ ᠪᠠᠢ ᠴᠧᠩ ᠮᠠᠰᠢᠨ ᠲᠡᠷᠭᠡ ᠰᠡᠯᠪᠢᠨ ᠵᠠᠰᠠᠬᠤ ᠦᠢᠯᠡᠴᠢᠯᠡᠭᠡᠨ ᠤ ᠭᠠᠵᠠᠷ ᠵᠡᠷᠭᠡ ᠭᠠᠶᠢᠯᠢ ᠰᠦᠢᠳᠬᠡᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠡᠳ᠋ᠯᠡᠪᠡᠰᠦ ᠵᠣᠬᠢᠬᠤ ᠨᠢᠬᠡᠴᠢ ᠳᠤ ᠤᠲᠠᠰᠤ ᠪᠠᠷ ᠮᠡᠳᠡᠭᠳᠡᠬᠦ ᠬᠡᠯᠪᠡᠷᠢ ᠪᠠᠷ ᠡᠷᠦᠬᠡ ᠳᠠᠷᠠᠭᠠᠯᠠᠨ ᠰᠠᠨᠠᠭᠤᠯᠵᠤ᠂ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠪᠤᠳᠠᠳᠠᠢ ᠳᠤ ᠨᠠᠶᠢᠳᠠᠪᠤᠷᠢᠵᠢᠭᠤᠯᠤᠭᠰᠠᠨ ᠪᠠᠶᠢᠨ᠎ᠠ᠃ ᠲᠣᠰ ᠬᠤᠪᠢᠶᠠᠷᠢ ᠲᠣᠪᠴᠢᠶ᠎ᠠ ᠨᠢ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠪᠠ ᠬᠠᠪᠰᠤᠷᠤᠯᠭ᠎ᠠ ᠵᠢᠯᠤᠭᠤᠳᠤᠮᠵᠢ ᠶᠢ ᠣᠨᠣᠪᠴᠢᠲᠠᠢ ᠭᠡᠷᠡᠭᠵᠢᠬᠦᠯᠵᠦ᠂ ᠦᠷᠭᠡᠨ ᠢᠶᠠᠷ ᠰᠠᠨᠠᠯ ᠬᠤᠷᠢᠶᠠᠵᠦ᠂ ᠤᠯᠠᠨ ᠲᠦᠮᠡᠨ ᠤ ᠲᠤᠰᠬᠠᠬᠰᠠᠨ ᠠᠰᠠᠭᠤᠳᠠᠯ ᠳᠤ ᠴᠠᠭ ᠲᠤᠬᠠᠢ ᠳᠤᠨᠢ ᠬᠠᠷᠢᠭᠤ ᠦᠭᠴᠦ᠂ ᠦᠢᠯᠡᠴᠢᠯᠡᠭᠡ ᠬᠠᠮᠢᠶᠠᠷᠤᠯᠲᠠ ᠶᠢᠨ ᠬᠢᠷᠢ ᠲᠦᠪᠰᠢᠨ ᠢᠶᠠᠨ ᠦᠨᠡᠨᠬᠦ ᠳᠡᠭᠡᠭᠰᠢᠯᠡᠭᠦᠯᠪᠡ᠃
 
ᠢᠷᠡᠯᠲᠡ᠄ ᠰᠢᠯᠢ ᠶᠢᠨ ᠭᠤᠤᠯ ᠤᠨ ᠮᠤᠩᠭᠤᠯ ᠰᠤᠨᠢᠨ ᠮᠡᠳᠡᠭᠡᠨ ᠤ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号