ᠪᠦᠭᠦ ᠣᠷᠣᠨ ᠤ ᠪᠡᠶ᠎ᠡ ᠶᠢᠨ ᠲᠠᠮᠢᠷ ᠤᠨ ᠤᠬᠠᠭᠤᠯᠭ᠎ᠠ ᠬᠥᠮᠦᠵᠢᠯ ᠤᠨ ᠪᠣᠯᠪᠠᠰᠤᠷᠠᠯ ᠶᠠᠪᠤᠭᠳᠠᠪᠠ
ᠨᠡᠶᠢᠲᠡᠯᠡᠭᠰᠡᠨ ᠴᠠᠭ᠄
2023/12/21
ᠪᠦᠭᠦ ᠣᠷᠣᠨ ᠤ ᠪᠡᠶ᠎ᠡ ᠶᠢᠨ ᠲᠠᠮᠢᠷ ᠤᠨ ᠤᠬᠠᠭᠤᠯᠭ᠎ᠠ ᠬᠥᠮᠦᠵᠢᠯ ᠤᠨ ᠪᠣᠯᠪᠠᠰᠤᠷᠠᠯ ᠶᠠᠪᠤᠭᠳᠠᠪᠠᠲᠦᠷᠦᠭᠦᠬᠡᠨ᠂ ᠪᠦᠭᠦ ᠣᠷᠣᠨ ᠤ ᠪᠡᠶ᠎ᠡ ᠶᠢᠨ ᠲᠠᠮᠢᠷ ᠤᠨ ᠤᠬᠠᠭᠤᠯᠭ᠎ᠠ ᠬᠥᠮᠦᠵᠢᠯ ᠤᠨ ᠪᠣᠯᠪᠠᠰᠤᠷᠠᠯ ᠭᠦᠭᠡᠬᠤᠲᠠ ᠳᠤ ᠬᠤᠶᠠᠷ ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠤᠬᠠᠭᠤᠯᠭ᠎ᠠ ᠶᠢᠨ ᠠᠵᠢᠯ ᠢ ᠠᠬᠢᠭᠤᠯᠤᠭᠰᠠᠨ ᠪᠠᠶᠢᠳᠠᠯ ᠢ ᠲᠠᠨᠢᠯᠴᠠᠭᠤᠯᠪᠠ᠃ ᠪᠣᠯᠪᠠᠰᠤᠷᠠᠯ ᠳᠤ᠂ ᠲᠤᠭ ᠢ ᠮᠠᠨᠳᠤᠭᠤᠯᠬᠤ᠂ ᠠᠷᠠᠳ ᠤᠨ ᠰᠡᠳᠬᠢᠯ ᠢ ᠨᠢᠭᠲᠠᠷᠠᠭᠤᠯᠬᠤ᠂ ᠰᠢᠨ᠎ᠡ ᠬᠥᠮᠥᠨ ᠢ ᠬᠥᠮᠥᠵᠢᠭᠦᠯᠬᠦ᠂ ᠰᠣᠶᠣᠯ ᠢ ᠮᠠᠨᠳᠤᠭᠤᠯᠬᠤ᠂ ᠳᠦᠷᠢ ᠲᠥᠷᠬᠦ ᠶᠢ ᠱᠤᠭᠤᠬᠤ ᠡᠭᠦᠷᠭᠡ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠮᠠᠨ ᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠢ ᠠᠮᠵᠢᠯᠲᠠ ᠲᠠᠢ ᠡᠷᠭᠢᠯᠡᠭᠦ ᠳᠤ ᠪᠦᠯᠬᠦᠮᠳᠡᠨ ᠲᠡᠮᠡᠴᠡᠬᠦ ᠥᠳᠬᠡᠨ ᠵᠤᠵᠠᠭᠠᠨ ᠠᠭᠤᠷ ᠠᠮᠢᠰᠬᠤᠯ ᠢ ᠪᠤᠶ ᠪᠤᠯᠭᠠᠬᠤ ᠭᠡᠷᠡᠭᠲᠡᠶ᠃ ᠠᠳᠠᠯᠢ ᠪᠤᠰᠤ ᠣᠷᠣᠨ ᠪᠦᠰᠡ᠂ ᠠᠳᠠᠯᠢ ᠪᠤᠰᠤ ᠠᠵᠢᠯ ᠲᠥᠷᠥᠯ᠂ ᠠᠳᠠᠯᠢ ᠪᠤᠰᠤ ᠭᠥᠯᠢᠶᠡᠨ ᠠᠪᠤᠭᠴᠢᠳ ᠲᠤ ᠲᠣᠬᠢᠷᠠᠭᠰᠠᠨ ᠣᠨᠣᠴᠠᠲᠠᠢ ᠳᠠᠮᠵᠢᠭᠤᠯᠭ᠎ᠠ ᠶᠢᠨ ᠠᠷᠭ᠎ᠠ ᠭᠡᠯᠪᠡᠷᠢ ᠶᠢ ᠰᠦᠪᠡᠭᠴᠢᠯᠡᠨ ᠬᠡᠷᠡᠭᠯᠡᠵᠦ᠂ ᠨᠡᠶᠢᠭᠡᠮ ᠤᠨ ᠬᠠᠯᠠᠮᠰᠢᠯ ᠴᠡᠭ ᠪᠣᠯᠣᠨ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠰᠠᠶᠢᠲᠤᠷ ᠡᠵᠡᠮᠳᠡᠵᠦ᠂ ᠮᠠᠨ ᠤ ᠣᠷᠣᠨ ᠤ ᠪᠡᠶ᠎ᠡ ᠶᠢᠨ ᠲᠠᠮᠢᠷ ᠤᠨ ᠦᠢᠯᠡᠰ ᠢ ᠤᠨᠤᠪᠴᠢᠲᠠᠢ ᠢᠯᠡᠷᠡᠭᠦᠯᠬᠦ ᠭᠡᠷᠡᠭᠲᠡᠶ᠃ ᠭᠤᠣᠯ ᠤᠷᠤᠰᠬᠠᠯ ᠤᠨ ᠳᠠᠮᠵᠢᠭᠤᠯᠭ᠎ᠠ ᠶᠢᠨ ᠲᠠᠪᠴᠠᠩ ᠤᠨ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠪᠡᠶ᠎ᠡ ᠶᠢᠨ ᠲᠠᠮᠢᠷ ᠬᠢᠭᠡᠳ ᠵᠠᠭᠤᠴᠢᠯᠠᠭᠤᠷ ᠤᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠠᠷᠭᠠᠴᠠᠭᠠᠬᠤ ᠪᠠ ᠰᠢᠢᠳᠪᠦᠷᠢᠯᠡᠬᠦ ᠶᠢ ᠰᠠᠶᠢᠲᠤᠷ ᠬᠢᠵᠦ᠂ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠲᠦᠭᠰᠢᠭᠦᠷᠢ ᠶᠢ ᠰᠡᠷᠭᠡᠶᠢᠯᠡᠬᠦ ᠶᠢ ᠴᠢᠩᠭᠠᠳᠬᠠᠬᠤ ᠭᠡᠷᠡᠭᠳᠡᠢ᠃ᠦᠨᠳᠦᠰᠦᠨ ᠪᠣᠯᠪᠠᠰᠤᠷᠠᠯ ᠢᠶᠠᠨ ᠪᠠᠲᠤᠳᠬᠠᠵᠤ᠂ ᠤᠯᠤᠰ ᠲᠥᠷᠥ ᠶᠢᠨ ᠴᠢᠳᠠᠪᠤᠷᠢ᠂ ᠣᠨᠣᠯ ᠤᠨ ᠬᠡᠪ ᠪᠣᠯᠪᠠᠰᠤᠷᠠᠯ᠂ ᠲᠤᠰᠬᠠᠢ ᠮᠡᠷᠭᠡᠵᠢᠯ ᠤᠨ ᠬᠡᠪ ᠪᠣᠯᠪᠠᠰᠤᠷᠠᠯ᠂ ᠠᠵᠢᠯ ᠤᠨ ᠰᠤᠷᠲᠠᠯ ᠤᠨ ᠲᠠᠯ᠎ᠠ ᠪᠠᠷ ᠥᠨᠳᠥᠷ ᠪᠠᠷᠢᠮᠵᠢᠶ᠎ᠠ ᠴᠢᠩᠭ᠎ᠠ ᠱᠠᠭᠠᠷᠳᠠᠯᠭ᠎ᠠ ᠲᠠᠢ ᠪᠠᠶᠢᠵᠤ᠂ ᠰᠢᠨ᠎ᠡ ᠴᠠᠭ ᠦᠶ᠎ᠡ ᠲᠠᠢ ᠵᠣᠬᠢᠴᠠᠭᠰᠠᠨ ᠴᠠᠭᠠᠷᠠᠭᠰᠠᠨ ᠡᠷᠳᠡᠮ ᠴᠢᠳᠠᠪᠤᠷᠢ ᠶᠢ ᠳᠠᠪᠲᠠᠨ ᠪᠤᠯᠪᠠᠰᠤᠷᠠᠭᠤᠯᠵᠤ᠂ ᠪᠡᠶ᠎ᠡ ᠶᠢᠨ ᠲᠠᠮᠢᠷ ᠤᠨ ᠤᠬᠠᠭᠤᠯᠭ᠎ᠠ ᠶᠢᠨ ᠠᠵᠢᠯ ᠢ ᠬᠠᠮᠲᠤ ᠪᠠᠷ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃ ᠪᠣᠯᠪᠠᠰᠤᠷᠠᠯ ᠳᠤ ᠰᠢᠨᠬᠤᠸᠠ ᠬᠤᠷᠢᠶ᠎ᠠ᠂ ᠥᠪᠥᠷ ᠮᠣᠩᠭᠤᠯ ᠤᠨ ᠲᠧᠯᠸᠢᠰ ᠬᠤᠷᠢᠶ᠎ᠠ᠂ ᠰᠢᠨ ᠯᠠᠩ ᠰᠦᠯᠵᠢᠶ᠎ᠡ ᠵᠡᠷᠭᠡ ᠪᠠᠶᠢᠭᠤᠯᠭ᠎ᠠ ᠶᠢᠨ ᠬᠤᠯᠪᠣᠭᠳᠠᠯ ᠪᠦᠬᠦᠢ ᠲᠤᠰᠬᠠᠢ ᠮᠡᠷᠭᠡᠵᠢᠯᠲᠡᠨ ᠢ ᠤᠷᠢᠵᠤ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠨᠠᠶᠢᠷᠠᠭᠤᠯᠤᠨ ᠮᠡᠳᠡᠭᠡᠯᠡᠬᠦ᠂ ᠪᠡᠶ᠎ᠡ ᠶᠢᠨ ᠲᠠᠮᠢᠷ ᠤᠨ ᠤᠬᠠᠭᠤᠯᠭ᠎ᠠ᠂ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠪᠠᠶᠢᠳᠠᠯ ᠵᠢᠴᠢ ᠠᠷᠭᠠᠴᠠᠭᠠᠬᠤ ᠠᠷᠭ᠎ᠠ ᠵᠡᠷᠭᠡ ᠭᠤᠣᠯ ᠰᠡᠳᠦᠪ ᠤᠨ ᠲᠤᠬᠠᠢ ᠬᠢᠴᠢᠶᠡᠯ ᠣᠷᠣᠵᠤ᠂ ᠪᠣᠯᠪᠠᠰᠤᠷᠠᠯ ᠳᠤ ᠣᠷᠣᠯᠴᠠᠭᠰᠠᠳ ᠤᠯᠤᠰ ᠤᠨ ᠤᠮᠠᠷᠠᠲᠤ ᠶᠢᠨ ᠬᠥᠯ ᠪᠥᠮᠪᠦᠭᠡ ᠶᠢᠨ ᠪᠣᠯᠪᠠᠰᠤᠷᠠᠯ ᠤᠨ ᠰᠠᠭᠤᠷᠢᠨ ᠪᠠ ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ ᠪᠠᠷ ᠲᠣᠭᠤᠷᠢᠨ ᠦᠵᠡᠪᠡ᠃
 
ᠢᠷᠡᠯᠲᠡ᠄ ᠲᠤᠮᠲᠠᠲᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号