ᠠᠷᠠᠳ ᠤᠨ ᠵᠠᠰᠠᠭ ᠤᠨ ᠣᠷᠳᠣᠨ ᠦᠨᠡᠨ ᠰᠡᠳᠬᠢᠯ ᠠᠴᠠ ᠪᠠᠨ ᠠᠪᠤᠷᠠᠨ ᠲᠤᠰᠠᠯᠠᠵᠤ ᠠᠷᠠᠳ ᠲᠦᠮᠡᠨ ᠤ ᠠᠶᠤᠯ ᠲᠦᠭᠰᠢᠭᠦᠷᠢ ᠶᠢ ᠠᠷᠢᠯᠭᠠᠨ᠎ᠠ
ᠨᠡᠶᠢᠲᠡᠯᠡᠭᠰᠡᠨ ᠴᠠᠭ᠄
2023/12/24
ᠠᠷᠠᠳ ᠤᠨ ᠵᠠᠰᠠᠭ ᠤᠨ ᠣᠷᠳᠣᠨ ᠦᠨᠡᠨ ᠰᠡᠳᠬᠢᠯ ᠠᠴᠠ ᠪᠠᠨ ᠠᠪᠤᠷᠠᠨ ᠲᠤᠰᠠᠯᠠᠵᠤ ᠠᠷᠠᠳ ᠲᠦᠮᠡᠨ ᠤ ᠠᠶᠤᠯ ᠲᠦᠭᠰᠢᠭᠦᠷᠢ ᠶᠢ ᠠᠷᠢᠯᠭᠠᠨ᠎ᠠ ᠣᠶᠢᠷ᠎ᠠ ᠶᠢᠨ ᠬᠤᠭᠤᠴᠠᠭᠠᠨ ᠳᠤ᠂ ᠲᠣᠯᠠᠭᠠᠨ ᠤ ᠬᠡᠮᠵᠢᠶ᠎ᠡ ᠲᠤᠶᠢᠯ ᠢᠶᠠᠷ ᠪᠠᠭᠤᠷᠠᠭᠰᠠᠨ ᠪᠠ ᠬᠡᠳᠦᠨ ᠡᠳᠦᠷ ᠴᠠᠰᠤ ᠣᠷᠣᠭᠰᠠᠨ ᠤ ᠨᠥᠯᠥᠭᠡ ᠠᠴᠠ ᠪᠣᠯᠵᠤ᠂ ᠵᠠᠮ ᠨᠡᠪᠲᠡᠷᠡᠯᠭᠡ ᠶᠢᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠷᠠᠰᠢᠶᠠᠨᠪᠣᠯᠠᠭ ᠪᠠᠯᠭᠠᠰᠤ ᠶᠢᠨ ᠬᠢᠨ ᠣᠯᠠᠨ ᠲᠦᠮᠡᠨ ᠤ ᠶᠠᠪᠤᠵᠤ ᠰᠠᠭᠤᠬᠤ ᠶᠢᠨ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠰᠠᠬᠢᠨ ᠬᠠᠮᠠᠭᠠᠯᠠᠵᠤ᠂ ᠣᠯᠠᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠪᠠ᠃ 12 ᠰᠠᠷ᠎ᠠ ᠶᠢᠨ 23᠎ ᠤ ᠣᠷᠣᠢ ᠶᠢᠨ 6 ᠴᠠᠭ 30 ᠮᠢᠨᠦ᠋ᠲ ᠳᠤ ᠷᠠᠰᠢᠶᠠᠨᠪᠣᠯᠠᠭ ᠪᠠᠯᠭᠠᠰᠤ 331 ᠤᠯᠤᠰ ᠤᠨ ᠵᠠᠮ ᠤᠨ 108 ᠺᠢᠯᠣᠮᠧᠲᠷ ᠠᠴᠠ ᠪᠠᠷᠠᠭᠤᠨ ᠮᠠᠨᠢᠲᠤ ᠬᠦᠷᠬᠦ ᠨᠡᠭᠦᠷᠡᠰᠦᠨ ᠠᠭᠤᠷᠬᠠᠢ ᠶᠢᠨ ᠴᠢᠭᠯᠡᠯ ᠤᠨ 10 ᠺᠢᠯᠣᠮᠧᠲᠷ ᠤᠨ ᠭᠠᠵᠠᠷ ᠲᠤ ︵ᠬᠥᠷᠰᠢ ᠵᠡᠷᠭᠡᠯᠡᠳᠡᠭᠡ ᠬᠤᠰᠢᠭᠤ ᠰᠢᠶᠠᠨ ᠤ ᠬᠢᠯᠢ ᠳᠣᠲᠣᠷ᠎ᠠ︶᠂ ᠨᠢᠭᠡᠨ ᠲᠣᠮᠣ ᠬᠡᠯᠪᠡᠷᠢ ᠶᠢᠨ ᠪᠠᠷᠠᠭᠠᠨ ᠤ ᠲᠡᠷᠭᠡ ᠴᠠᠰᠤ ᠬᠤᠷᠠᠭᠰᠠᠨ ᠭᠠᠵᠠᠷ ᠲᠤ ᠬᠠᠰᠢᠭᠳᠠᠵᠤ᠂ ᠠᠷᠤ ᠶᠢᠨ 20 ᠭᠠᠷᠤᠢ ᠲᠡᠷᠭᠡ ᠨᠡᠪᠲᠡᠷᠡᠬᠦ ᠶᠢᠨ ᠠᠷᠭ᠎ᠠ ᠦᠭᠡᠢ ᠪᠣᠯᠣᠭᠰᠠᠨ ᠠᠪᠤᠷᠠᠨ ᠲᠤᠰᠠᠯᠠᠬᠤ ᠮᠡᠳᠡᠭᠳᠡᠯ ᠢ ᠲᠣᠰᠣᠭᠠᠳ  ᠂ ᠪᠠᠯᠭᠠᠰᠤᠨ ᠤ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠠᠷᠠᠳ ᠲᠦᠮᠡᠨ ᠪᠠ ᠠᠮᠢ ᠨᠠᠰᠤ  ᠎ ᠶᠢ ᠳᠡᠭᠡᠳᠦᠯᠡᠬᠦ ᠵᠠᠷᠴᠢᠮ  ᠎ ᠢ ᠪᠠᠷᠢᠮᠲᠠᠯᠠᠨ᠂ ᠲᠡᠷᠡ ᠳᠠᠷᠤᠢ ᠳᠤᠨᠢ ᠠᠵᠢᠯᠲᠠᠨ ᠲᠣᠬᠢᠷᠠᠭᠤᠯᠬᠤ  ᠎ ᠶᠢᠨ ᠬᠠᠮᠲᠤ ᠬᠠᠷᠢᠶ᠎ᠠ ᠣᠷᠣᠨ ᠤ ᠲᠣᠮᠢᠯᠠᠭᠰᠠᠨ ᠰᠠᠯᠪᠤᠷᠢ᠂ ᠲᠣᠰᠣᠨ ᠠᠭᠤᠷᠬᠠᠢ ᠶᠢᠨ ᠵᠠᠮ ᠬᠠᠷᠢᠯᠴᠠᠭᠠᠨ ᠤ ᠴᠠᠭᠳᠠᠭ᠎ᠠ᠂  ᠠᠵᠤ ᠠᠬᠤᠶᠢᠯᠠᠯ  ᠎ ᠢ ᠵᠣᠬᠢᠴᠠᠭᠤᠯᠤᠨ ᠨᠡᠶᠢᠲᠡ 30 ᠭᠠᠷᠤᠢ ᠬᠥᠮᠥᠨ᠂ 11 ᠮᠠᠰᠢᠨ ᠲᠡᠷᠭᠡ ᠲᠣᠮᠢᠯᠠᠨ ᠲᠤᠬᠠᠢ ᠶᠢᠨ ᠲᠠᠯᠠᠪᠤᠷ ᠲᠤ ᠣᠴᠢᠭᠤᠯᠵᠤ ᠠᠪᠤᠷᠠᠨ ᠲᠤᠰᠠᠯᠠᠭᠤᠯᠵᠤ  ᠂ 7 ᠴᠠᠭ ᠢᠯᠡᠭᠦᠦ ᠪᠦᠬᠦ ᠬᠦᠴᠦ ᠪᠠᠷ ᠢᠶᠠᠨ ᠠᠪᠤᠷᠠᠨ ᠲᠤᠰᠠᠯᠠᠬᠤ ᠪᠠᠷ ᠳᠡᠮᠵᠢᠨ ᠳᠠᠷᠠᠭ᠎ᠠ ᠡᠳᠦᠷ ᠤᠨ ᠬᠢᠨᠢ ᠥᠷᠯᠥᠭᠡ  ᠎ ᠶᠢᠨ 1 ᠴᠠᠭ 30 ᠮᠢᠨᠦ᠋ᠲ ᠲᠤ ᠬᠦᠴᠢᠷᠳᠡᠯ ᠳᠤ ᠲᠤᠯᠭᠠᠷᠠᠭᠰᠠᠨ ᠵᠢᠯᠣᠭᠤᠴᠢ᠂ ᠲᠡᠷᠭᠡᠨ ᠳᠤ ᠵᠠᠮ ᠨᠡᠭᠡᠭᠡᠨ ᠥᠭᠴᠦ᠂  ᠠᠶᠤᠯ ᠠᠴᠠ ᠤᠷᠤᠭᠰᠢᠲᠠᠢ ᠪᠠᠷ ᠮᠤᠯᠲᠤᠷᠠᠵᠠᠢ᠃  ᠠᠶᠣᠯ ᠳᠤ ᠣᠴᠠᠷᠠᠭᠰᠠᠳ ᠠᠪᠤᠷᠠᠨ ᠲᠤᠰᠠᠯᠠᠬᠤ ᠠᠵᠢᠯᠲᠠᠨ ᠤ ᠬᠠᠬᠢᠷ ᠬᠦᠢᠲᠡᠨ ᠠᠴᠠ ᠠᠶᠤᠬᠤ ᠦᠭᠡᠢ᠂ ᠴᠠᠭ ᠲᠤᠬᠠᠢ ᠳᠤᠨᠢ ᠠᠪᠤᠷᠠᠨ ᠲᠤᠰᠠᠯᠠᠬᠤ ᠬᠠᠯᠠᠭᠤᠨ ᠰᠡᠳᠬᠢᠯ ᠤᠨ ᠦᠶᠯᠡ ᠠᠵᠢᠯᠯᠠᠭ᠎ᠠ ᠳᠤ ᠪᠠᠶᠢᠨ ᠳᠠᠬᠢᠨ ᠲᠠᠯᠠᠷᠬᠠᠵᠤ ᠪᠠᠶᠢᠬᠤ ᠪᠠᠨ ᠢᠯᠡᠳᠬᠡᠵᠦ᠂ ᠠᠪᠤᠷᠠᠨ ᠲᠤᠰᠠᠯᠠᠬᠤ ᠠᠵᠢᠯᠲᠠᠳ ᠴᠤ ᠵᠢᠯᠣᠭᠤᠴᠢ ᠨᠠᠷ ᠲᠤ ᠮᠥᠰᠥ ᠴᠠᠰᠤᠨ ᠳᠤ ᠬᠤᠴᠢᠭᠳᠠᠭᠰᠠᠨ ᠠᠭᠤᠷ ᠠᠮᠢᠰᠬᠤᠯ ᠳᠤ ᠯᠠᠪᠳᠠᠭᠤᠨ ᠲᠣᠭᠲᠠᠭᠤᠨ ᠢᠶᠠᠷ ᠶᠠᠪᠤᠵᠤ᠂ ᠠᠮᠤᠷ ᠲᠦᠪᠰᠢᠨ ᠢ ᠪᠠᠲᠤᠯᠠᠬᠤ ᠬᠡᠷᠡᠭᠲᠡᠢ ᠭᠡᠵᠦ ᠵᠠᠬᠢᠭᠰᠠᠨ ᠪᠠᠶᠢᠨ᠎ᠠ᠃ ᠷᠠᠰᠢᠶᠠᠨᠪᠣᠯᠠᠭ ᠪᠠᠯᠭᠠᠰᠤ ᠢᠮᠠᠭᠲᠠ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠠᠷᠠᠳ ᠤᠯᠠᠨ ᠤ ᠠᠮᠤᠷ ᠲᠦᠪᠰᠢᠨ ᠠᠶᠤᠯ ᠲᠦᠭᠰᠢᠭᠦᠷᠢ ᠬᠦᠴᠢᠷ ᠵᠣᠪᠠᠭᠤᠷᠢ ᠶᠢ ᠴᠢᠩᠭ᠎ᠠ ᠠᠩᠬᠠᠷᠴᠤ᠂ ᠤᠯᠠᠨ ᠲᠦᠮᠡᠨ ᠤ ᠡᠪᠦᠯ ᠤᠨ ᠤᠯᠠᠷᠢᠯ ᠤᠨ ᠠᠶᠠᠯᠠᠯ ᠤᠨ ᠠᠮᠤᠷ ᠲᠦᠪᠰᠢᠨ ᠢ ᠦᠨᠡᠨᠬᠦ ᠲᠡᠷᠢᠭᠦᠨ ᠪᠠᠶᠢᠷᠢᠨ ᠳᠤ ᠲᠠᠯᠪᠢᠵᠤ᠂ ᠪᠣᠳᠠᠲᠤ ᠠᠵᠢᠯᠯᠠᠭ᠎ᠠ ᠪᠠᠷ ᠢᠶᠠᠨ ᠠᠷᠠᠳ ᠤᠨ ᠲᠥᠯᠥᠭᠡ ᠪᠣᠳᠠᠲᠠᠢ ᠶᠠᠪᠤᠳᠠᠯ ᠬᠢᠵᠦ ᠬᠦᠴᠢᠷ ᠠᠰᠠᠭᠤᠳᠠᠯ ᠢ ᠰᠢᠢᠳᠪᠦᠷᠢᠯᠡᠪᠡ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号