ᠬᠠᠤᠯᠢ ᠪᠤᠰᠤ ᠪᠠᠷ ᠬᠤᠸᠠᠷ ᠫᠤᠤᠵᠢᠩ ᠦᠢᠯᠡᠳᠪᠦᠷᠢᠯᠡᠵᠦ ᠡᠵᠡᠩᠨᠡᠬᠦ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠲᠤᠬᠠᠢ ᠰᠢᠯᠢ ᠶᠢᠨ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠷᠯᠠᠯ
ᠨᠡᠶᠢᠲᠡᠯᠡᠭᠰᠡᠨ ᠴᠠᠭ᠄
2023/12/26
ᠬᠠᠤᠯᠢ ᠪᠤᠰᠤ ᠪᠠᠷ ᠬᠤᠸᠠᠷ ᠫᠤᠤᠵᠢᠩ ᠦᠢᠯᠡᠳᠪᠦᠷᠢᠯᠡᠵᠦ ᠡᠵᠡᠩᠨᠡᠬᠦ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠲᠤᠬᠠᠢ ᠰᠢᠯᠢ ᠶᠢᠨ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠷᠯᠠᠯ ᠥᠷᠭᠡᠨ ᠤᠯᠠᠨ ᠬᠤᠳᠠ ᠶᠢᠨ ᠠᠷᠠᠳ᠄   ᠰᠢᠨ᠎ᠡ ᠵᠢᠯ ᠢᠷᠡᠬᠦ ᠭᠡᠵᠦ ᠪᠠᠶᠢᠭ᠎ᠠ ᠬᠤᠸᠠᠷ ᠫᠤᠤᠵᠢᠩ ᠤᠨ ᠪᠣᠷᠤᠯᠠᠭᠤᠯᠭ᠎ᠠ ᠶᠢᠨ ᠬᠥᠭᠵᠢᠶᠡᠨᠲᠦ ᠤᠯᠠᠷᠢᠯ ᠳᠤ ᠬᠤᠸᠠᠷ ᠫᠤᠤᠵᠢᠩ ᠤᠨ ᠦᠢᠯᠡᠳᠪᠦᠷᠢᠯᠡᠯ ᠡᠵᠡᠩᠨᠡᠯᠲᠡ  ᠎ ᠶᠢᠨ ᠡᠮᠬᠢ ᠵᠢᠷᠤᠮ  ᠎ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠠᠮᠤᠷ ᠲᠦᠪᠰᠢᠨ ᠤ ᠳᠠᠯᠳᠠ ᠬᠡᠮ ᠢ ᠠᠷᠢᠯᠭᠠᠨ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠎ ᠶᠢᠨ ᠠᠮᠤᠷ ᠲᠦᠪᠰᠢᠨ  ᠎ ᠢ ᠦᠨᠡᠨᠬᠦ ᠪᠠᠲᠤᠯᠠᠵᠤ᠂ ᠪᠦᠬᠦ ᠬᠤᠲᠠ ᠶᠢᠨ ᠨᠡᠶᠢᠭᠡᠮ ᠤᠨ ᠠᠮᠤᠷ ᠲᠦᠪᠰᠢᠨ ᠤ ᠡᠮᠬᠢ ᠵᠢᠷᠤᠮ  ᠎ ᠢ ᠬᠠᠮᠠᠭᠠᠯᠠᠬᠤ  ᠎ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯ ᠦᠭᠡᠢ ᠦᠢᠯᠡᠳᠪᠦᠷᠢᠯᠡᠯ ᠤᠨ ᠬᠠᠤᠯᠢ︾ ︽ᠬᠤᠸᠠᠷ ᠫᠤᠤᠵᠢᠩ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ︾ ︵ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ 455 ᠳ᠋ᠤᠭᠠᠷ ᠲᠣᠭᠠᠲᠤ︶ ︽ᠬᠤᠸᠠᠷ ᠫᠤᠤᠵᠢᠩ ᠤᠨ ᠦᠢᠯᠡᠳᠪᠦᠷᠢᠯᠡᠯ ᠡᠵᠡᠩᠨᠡᠯᠲᠡ ᠶᠢᠨ ᠠᠮᠤᠷ ᠲᠦᠪᠰᠢᠨ ᠤ ᠲᠣᠭᠲᠠᠭᠠᠯ︾ ︵ᠤᠯᠤᠰ ᠤᠨ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠵᠠᠷᠯᠢᠭ 93 ᠳ᠋ᠤᠭᠠᠷ ᠲᠣᠭᠠᠲᠤ︶ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠵᠠᠷᠯᠠᠶ᠎ᠠ᠄ ᠨᠢᠭᠡ᠂ ᠰᠢᠯᠢ ᠶᠢᠨ ᠬᠤᠲᠠ ᠶᠢᠨ ᠬᠡᠪᠴᠢᠶᠡᠨ ᠳᠤ᠂ ᠵᠥᠪᠰᠢᠶᠡᠷᠡᠯ ᠦᠭᠡᠢ ᠪᠠᠷ ᠶᠠᠮᠠᠷᠪᠠ ᠨᠢᠭᠡᠴᠡ ᠪᠠ ᠬᠤᠪᠢ ᠬᠥᠮᠥᠨ ᠬᠤᠸᠠᠷ ᠫᠤᠤᠵᠢᠩ ᠦᠢᠯᠡᠳᠪᠦᠷᠢᠯᠡᠬᠦ᠂ ᠡᠵᠡᠩᠨᠡᠬᠦ᠂ ᠨᠥᠭᠡᠭᠡᠴᠡᠯᠡᠬᠦ ᠪᠠ ᠲᠡᠭᠡᠭᠡᠪᠦᠷᠢᠯᠡᠵᠦ ᠪᠣᠯᠬᠤ ᠦᠭᠡᠢ᠂ ᠣᠯᠵᠤ ᠮᠡᠳᠡᠪᠡᠯ ᠬᠠᠤᠯᠢ ᠶᠣᠰᠣᠭᠠᠷ ᠬᠤᠷᠢᠶᠠᠨ ᠠᠪᠬᠤ ᠶᠢᠨ ᠬᠠᠮᠲᠤ ᠬᠠᠮᠢᠶ᠎ᠠ ᠪᠦᠬᠦᠢ ᠬᠠᠷᠢᠭᠤᠴᠠᠯᠭᠠᠲᠠᠨ ᠢ ᠰᠢᠳᠬᠡᠨ ᠲᠣᠷᠭᠠᠵᠤ᠂ ᠦᠶᠯᠡ ᠪᠠᠶᠢᠳᠠᠯ ᠨᠢ ᠬᠦᠨᠳᠦ ᠨᠣᠴᠢᠲᠠᠢ ᠶᠠᠯ᠎ᠠ ᠪᠣᠯᠵᠤ ᠪᠦᠷᠢᠯᠳᠦᠭᠰᠡᠨ ᠪᠠᠶᠢᠪᠠᠯ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠦ ᠶᠢᠨ ᠬᠠᠤᠯᠢ︾᠎ ᠶᠢᠨ ᠶᠣᠰᠣᠭᠠᠷ ᠬᠠᠮᠢᠶ᠎ᠠ ᠪᠦᠬᠦᠢ ᠬᠥᠮᠥᠰ ᠠᠴᠠ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ ᠬᠤᠶᠠᠷ᠂ ᠬᠠᠤᠯᠢ ᠪᠤᠰᠤ ᠪᠠᠷ ᠬᠤᠸᠠᠷ ᠫᠤᠤᠵᠢᠩ ᠨᠥᠭᠡᠴᠡᠯᠡᠭᠰᠡᠨ ᠵᠡᠷᠭᠡ ᠦᠢᠯᠡ ᠠᠵᠢᠯᠯᠠᠭ᠎ᠠ ᠳᠤ ᠬᠤᠯᠪᠣᠭᠳᠠᠭᠰᠠᠨ ᠨᠢᠭᠡᠴᠡ ᠪᠣᠯᠣᠨ ᠬᠤᠪᠢ ᠬᠥᠮᠥᠨ᠂ ᠬᠠᠤᠯᠢ ᠪᠤᠰᠤ ᠠᠵᠢᠯᠯᠠᠭ᠎ᠠ ᠪᠠᠨ ᠳᠠᠷᠤᠶᠢᠬᠠᠨ ᠵᠣᠭᠰᠤᠭᠠᠬᠤ ᠶᠢᠨ ᠬᠠᠮᠲᠤ ᠰᠠᠨᠠᠭᠠᠴᠢᠯᠠᠭ᠎ᠠ ᠠᠴᠠ ᠪᠠᠨ ᠳᠣᠲᠣᠭᠠᠳᠤ ᠶᠢ ᠬᠠᠮᠠᠭᠠᠯᠠᠬᠤ ᠵᠡᠷᠭᠡ ᠬᠠᠮᠢᠶ᠎ᠠ ᠪᠦᠬᠦᠢ ᠡᠭᠦᠷᠭᠡ ᠴᠢᠳᠠᠪᠬᠢᠳᠣ ᠰᠠᠯᠠᠭ᠎ᠠ ᠮᠥᠴᠢᠷ ᠲᠤ ᠬᠦᠷᠴᠦ ᠪᠠᠶᠢᠳᠠᠯ ᠢᠶᠠᠨ ᠲᠣᠳᠣᠷᠬᠠᠶᠢᠯᠠᠨ᠂ ᠪᠠᠶᠢᠴᠠᠭᠠᠯᠲᠠ ᠳᠤ ᠬᠠᠪᠰᠣᠷᠣᠯᠴᠠᠨ᠂ ᠬᠤᠸᠠᠷ ᠫᠤᠤᠵᠢᠩ ᠢᠶᠠᠨ ᠳᠡᠭᠡᠭᠰᠢ ᠲᠤᠰᠢᠶᠠᠵᠤ᠂ ᠳᠣᠲᠣᠭᠠᠳᠤ ᠶᠢ ᠬᠠᠮᠠᠭᠠᠯᠠᠬᠤ ᠵᠡᠷᠭᠡ ᠬᠠᠮᠢᠶ᠎ᠠ ᠪᠦᠬᠦᠢ ᠡᠭᠦᠷᠭᠡ  ᠴᠢᠳᠠᠪᠬᠢᠳᠣ ᠰᠠᠯᠠᠭ᠎ᠠ ᠮᠥᠴᠢᠷ ᠠᠴᠠ ᠥᠢᠯᠡ ᠪᠠᠶᠢᠳᠠᠯ ᠢ ᠨᠢ ᠦᠵᠡᠵᠦ ᠪᠠᠶᠢᠭᠠᠳ ᠬᠠᠤᠯᠢ ᠶᠣᠰᠣᠭᠠᠷ ᠬᠥᠩᠭᠡᠨ ᠢᠶᠠᠷ ᠰᠢᠳᠬᠡᠬᠦ᠂ ᠬᠥᠩᠭᠡᠷᠡᠭᠦᠯᠦᠨ  ᠰᠢᠳᠬᠡᠬᠦ᠂ ᠭᠠᠯ ᠤᠨ ᠠᠶᠤᠯ ᠤᠨ  ᠠᠳᠡᠯ ᠭᠠᠷᠭᠠᠭᠰᠠᠨ ᠪᠣᠯ ᠬᠠᠮᠢᠶ᠎ᠠ ᠪᠦᠬᠦᠢ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠬᠠᠤᠯᠢ ᠶᠣᠰᠣᠭᠠᠷ ᠨᠡᠬᠡᠮᠵᠢᠯᠡᠨ᠎ᠡ᠃ ᠭᠤᠷᠪᠠ᠂ ᠶᠠᠮᠠᠷᠪᠠ ᠨᠢᠭᠡᠴᠡ ᠪᠣᠯᠣᠨ ᠬᠤᠪᠢ ᠬᠥᠮᠥᠨ ᠭᠡᠷ ᠪᠠᠶᠢᠰᠢᠩ᠂ ᠲᠡᠷᠭᠡ ᠬᠥᠰᠬᠡ᠂ ᠦᠢᠯᠡᠳᠪᠦᠷᠢᠯᠡᠯ ᠡᠵᠡᠩᠨᠡᠯᠲᠡ ᠶᠢᠨ ᠭᠠᠵᠠᠷ ᠢᠶᠠᠨ ᠨᠢᠭᠡᠴᠡ ᠪᠤᠶᠤ ᠬᠤᠪᠢ ᠬᠥᠮᠥᠨ ᠳᠤ ᠲᠦᠷᠢᠶᠡᠰᠦᠯᠡᠨ ᠥᠭᠴᠦ ᠬᠤᠸᠠᠷ ᠫᠤᠤᠵᠢᠩ ᠢ ᠬᠠᠤᠯᠢ ᠪᠤᠰᠤ ᠪᠠᠷ ᠡᠵᠡᠩᠨᠡᠬᠦ᠂ ᠨᠥᠭᠡᠴᠡᠯᠡᠬᠦ᠂ ᠵᠥᠭᠡᠭᠡᠪᠦᠷᠢᠯᠡᠬᠦ ᠠᠵᠢᠯ ᠬᠢᠯᠭᠡᠵᠦ ᠪᠣᠯᠬᠤ ᠦᠭᠡᠢ᠂ ᠬᠡᠷᠪᠡ ᠳᠡᠭᠡᠷ᠎ᠡ ᠳᠤᠷᠠᠳᠤᠭᠰᠠᠨ ᠪᠠᠶᠢᠳᠠᠯ ᠣᠷᠣᠰᠢᠵᠤ ᠪᠠᠶᠢᠪᠠᠯ᠂ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ ᠥᠢᠯᠡ ᠪᠠᠶᠢᠳᠠᠯ ᠎ ᠨᠢ ᠬᠦᠨᠳᠦ ᠨᠣᠴᠢᠲᠠᠢ ᠪᠠᠶᠢᠵᠤ ᠶᠠᠯ᠎ᠠ ᠪᠣᠯᠵᠤ ᠪᠦᠷᠢᠯᠳᠦᠭᠰᠡᠨ ᠪᠠᠶᠢᠪᠠᠯ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠦ ᠶᠢᠨ ᠬᠠᠤᠯᠢ︾᠎ ᠶᠢᠨ ᠶᠣᠰᠣᠭᠠᠷ ᠬᠤᠯᠪᠣᠭᠳᠠᠯ ᠪᠦᠬᠦᠢ ᠬᠥᠮᠥᠰ ᠠᠴᠠ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ ᠳᠥᠷᠪᠡ᠂ ᠰᠢᠯᠢ ᠶᠢᠨ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠥᠷᠭᠡᠨ ᠣᠯᠠᠨ ᠬᠤᠲᠠ  ᠎ ᠶᠢᠨ ᠠᠷᠠᠳ ᠢ ᠬᠠᠤᠯᠢ ᠪᠤᠰᠤ ᠪᠠᠷ ᠬᠤᠸᠠᠷ ᠫᠤᠤᠵᠢᠩ ᠦᠢᠯᠡᠳᠪᠦᠷᠢᠯᠡᠬᠦ᠂ ᠬᠠᠳᠠᠭᠠᠯᠠᠬᠤ᠂ ᠡᠵᠡᠩᠨᠡᠬᠦ᠂ ᠵᠥᠭᠡᠭᠡᠪᠦᠷᠢᠯᠡᠬᠦ ᠵᠡᠷᠭᠡ ᠠᠵᠢᠯᠯᠠᠭ᠎ᠠ ᠶᠢ ᠢᠳᠡᠪᠬᠢᠲᠡᠢ ᠪᠠᠷ ᠢᠯᠡᠴᠢᠯᠡᠨ ᠮᠡᠳᠡᠭᠦᠯᠬᠦ ᠶᠢ ᠱᠠᠭᠠᠷᠳᠠᠵᠣ ᠪᠠᠶᠢᠨ᠎ᠠ᠃ ᠬᠡᠷᠪᠡ ᠳᠡᠭᠡᠷ᠎ᠡ ᠳᠤᠷᠠᠳᠤᠭᠰᠠᠨ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠣᠯᠵᠤ ᠮᠡᠳᠡᠪᠡᠯ᠂ ᠰᠢᠯᠢ ᠶᠢᠨ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ 110 ᠴᠠᠭᠳᠠᠭ᠎ᠠ ᠳᠤ ᠮᠡᠳᠡᠭᠦᠯᠬᠦ ᠤᠲᠠᠰᠤ ᠂ ᠰᠢᠯᠢ ᠶᠢᠨ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠣᠳᠠᠰᠣ 8250021 ᠪᠤᠶᠤ  ᠰᠢᠯᠢ ᠶᠢᠨ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ 6832096᠎ ᠳᠤ ᠣᠳᠠᠰᠣᠳᠠᠵᠣ ᠢᠯᠡᠴᠢᠯᠡᠨ ᠮᠡᠳᠡᠭᠦᠯᠵᠦ ᠪᠣᠯᠣᠨ᠎ᠠ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠢᠯᠡᠴᠢᠯᠡᠨ ᠮᠡᠳᠡᠭᠦᠯᠦᠭᠴᠢ ᠶᠢᠨ ᠬᠠᠮᠢᠶ᠎ᠠ ᠪᠦᠬᠦᠢ ᠮᠡᠳᠡᠭᠡ ᠵᠠᠩᠭᠢ ᠶᠢᠨ ᠨᠢᠭᠤᠴᠠ ᠶᠢ ᠴᠢᠩᠭ᠎ᠠ ᠬᠠᠮᠠᠭᠠᠯᠠᠬᠤ ᠶᠢᠨ ᠬᠠᠮᠲᠤ ᠦᠨᠡᠨ ᠬᠦ ᠠᠷᠭ᠎ᠠ ᠬᠡᠮᠵᠢᠶ᠎ᠡ ᠠᠪᠴᠤ ᠢᠯᠡᠴᠢᠯᠡᠨ ᠮᠡᠳᠡᠭᠦᠯᠦᠭᠴᠢ ᠶᠢᠨ ᠬᠠᠤᠯᠢ ᠶᠣᠰᠣᠨ ᠤ ᠡᠷᠬᠡ ᠠᠰᠢᠭ ᠪᠠ ᠪᠡᠶ᠎ᠡ ᠶᠢᠨ ᠠᠮᠤᠷ ᠲᠦᠪᠰᠢᠨ ᠢ ᠬᠠᠮᠠᠭᠠᠯᠠᠨ᠎ᠠ᠃ ᠣᠨᠴᠠᠭᠠᠶᠢᠯᠠᠨ ᠵᠠᠷᠯᠠᠪᠠ ᠰᠢᠯᠢ ᠶᠢᠨ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ 2023 ᠣᠨ ᠤ 12 ᠰᠠᠷ᠎ᠠ ᠶᠢᠨ 24᠎ ᠤ ᠡᠳᠦᠷ
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号