ᠮᠠᠯᠴᠢᠨ ᠷᠠᠰᠢᠭᠤᠩᠭ᠎ᠠ ᠰᠢᠭᠤᠳ ᠨᠡᠪᠲᠡᠷᠡᠭᠦᠯᠭᠡ ᠪᠠᠷ ᠭᠠᠷ ᠣᠷᠠᠯᠠᠯ ᠤᠨ ᠪᠦᠳᠦᠬᠡᠭᠳᠡᠬᠦᠨ ᠪᠣᠷᠣᠯᠠᠭᠤᠯᠵᠣ᠂ ᠵᠢᠯ ᠤᠨ ᠣᠷᠣᠯᠭ᠎ᠠ 30 ᠲᠦᠮᠡᠨ ᠲᠦᠭᠦᠷᠢᠭ ᠬᠦᠷᠴᠦ ᠪᠠᠶᠢᠨ᠎ᠠ
ᠨᠡᠶᠢᠲᠡᠯᠡᠭᠰᠡᠨ ᠴᠠᠭ᠄
2023/12/31
ᠮᠠᠯᠴᠢᠨ ᠷᠠᠰᠢᠭᠤᠩᠭ᠎ᠠ ᠰᠢᠭᠤᠳ ᠨᠡᠪᠲᠡᠷᠡᠭᠦᠯᠭᠡ ᠪᠠᠷ ᠭᠠᠷ ᠣᠷᠠᠯᠠᠯ ᠤᠨ ᠪᠦᠳᠦᠬᠡᠭᠳᠡᠬᠦᠨ ᠪᠣᠷᠣᠯᠠᠭᠤᠯᠵᠣ᠂ ᠵᠢᠯ ᠤᠨ ᠣᠷᠣᠯᠭ᠎ᠠ 30 ᠲᠦᠮᠡᠨ ᠲᠦᠭᠦᠷᠢᠭ ᠬᠦᠷᠴᠦ ᠪᠠᠶᠢᠨ᠎ᠠᠬᠦᠳᠡᠭᠡ ᠨᠣᠳᠤᠭ ᠲᠤ ᠴᠢᠮᠡᠭᠡ ᠬᠤᠯᠪᠤᠭᠠᠨ ᠤ ᠨᠦᠭᠦᠴᠡᠯ ᠰᠠᠶᠢᠵᠢᠷᠠᠨ ᠢᠨᠲ᠋ᠧᠷ ᠰᠦᠯᠵᠢᠶ᠎ᠡ ᠲᠦᠭᠡᠮᠡᠯᠵᠢᠬᠦ ᠪᠠᠷ ᠬᠡᠰᠡᠭ ᠮᠠᠯᠴᠢᠳ ᠣᠷᠣᠨ ᠨᠣᠳᠤᠭ ᠤᠨ ᠤᠨᠴᠠ ᠭᠠᠷᠣᠯᠳᠠ᠂ ᠮᠠᠯ ᠤᠨ ᠠᠰᠢᠭ ᠰᠢᠮ᠎ᠠ᠂ ᠲᠠᠷᠢᠶᠠᠯᠠᠩ ᠤᠨ ᠪᠦᠳᠦᠬᠡᠭᠳᠡᠬᠦᠨ ᠵᠶ᠋ᠡᠨ‌‍ᠰᠦ᠋ᠯᠵᠢᠶ᠎ᠠ ᠪᠠᠷ ᠪᠣᠷᠣᠯᠠᠭᠤᠯᠬᠤ ᠪᠤᠯᠵᠠᠢ᠃ ᠤᠯᠠᠭᠠᠠᠬᠠᠳᠠ ᠬᠤᠳᠠ ᠶᠢᠨ ᠠᠷᠣ ᠬᠤᠷᠴᠢᠨ ᠬᠤᠰᠢᠭᠤᠨ ᠤ ᠬᠤᠨᠳᠣ ᠪᠠᠯᠭᠠᠰᠦ ᠵᠢᠨ‌ᠤᠰᠤᠨ ᠡᠬᠢ ᠭᠠᠴᠠᠭᠠᠨ ᠤ ᠮᠠᠯᠴᠢᠨ ᠷᠠᠰᠢᠭᠤᠩᠭ᠎ᠠ ᠣᠯᠠᠮᠵᠢᠯᠠᠯᠳᠣ ᠭᠠᠷ ᠣᠷᠠᠯᠠᠯ ᠤᠨ ᠪᠦᠳᠦᠬᠡᠭᠳᠡᠬᠦᠨ ᠢᠶᠠᠨ ︽ᠪᠤᠰᠢᠭᠤ ᠭᠠᠷ‌‍ᠤᠨ ᠰᠢᠭᠤᠳ ᠨᠡᠪᠲᠡᠷᠡᠭᠦᠯᠭᠡ︾᠎ ᠪᠠᠷ ᠪᠣᠷᠣᠯᠠᠭᠤᠯᠵᠣ᠂ ᠵᠢᠯ ᠳᠤ ᠭᠤᠴᠢ ᠰᠢᠬᠠᠮ ᠲᠦᠮᠡᠨ ᠲᠦᠬᠦᠷᠢᠭ ᠤᠨ ᠣᠷᠣᠯᠭ᠎ᠠ ᠣᠯᠵᠣ‌‍ᠪᠤᠢ᠃ ᠷᠠᠰᠢᠭᠤᠩᠭ᠎ᠠ ᠵᠡᠪ ᠯᠠ ᠭᠠᠷᠪᠠᠯ ︽ᠪᠤᠰᠢᠭᠤ ᠭᠠᠷ ᠰᠢᠭᠤᠳ ᠨᠡᠪᠳᠡᠷᠡᠬᠦᠯᠬᠡ︾᠎ ᠪᠠᠷ ᠦᠪᠡᠷ ᠤᠨ ᠣᠷᠠᠯᠠᠨ ᠬᠢᠵᠦ‌‍ᠪᠠᠶᠢᠭ᠎ᠠ ᠣᠯᠠᠮᠵᠢᠯᠠᠯᠳᠣ ᠭᠠᠷ ᠣᠷᠠᠯᠠᠯ ᠤᠨ ᠪᠦᠳᠦᠬᠡᠭᠳᠡᠬᠦᠨ ᠢᠶᠠᠨ ᠬᠡᠷᠡᠭᠯᠡᠭᠴᠢᠳ ᠲᠤ ᠲᠠᠨᠢᠯᠴᠠᠭᠤᠯᠵᠣ᠂ ᠡᠳᠦᠷ ᠲᠣ᠋‌‍ᠲ᠋ᠡᠭᠰᠢᠳᠬᠡᠬᠡᠳ ᠲᠠᠪᠣᠨ ᠵᠠᠭᠤᠨ ᠲᠦᠬᠦᠷᠢᠭ ᠤᠨ ᠦᠷᠳᠡᠭ ᠪᠦᠬᠦᠢ ᠵᠠᠬᠢᠶᠠᠯᠠᠭ᠎ᠠ ᠶᠢ ᠲᠤᠰᠳᠠᠭ ᠪᠠᠶᠢᠨ᠎ᠠ᠃ ᠲᠡᠷᠡ ᠬᠤᠵᠢᠮ ᠪᠠᠰᠠ ᠣᠷᠣᠨ ᠨᠣᠳᠤᠭ ᠤᠨ ᠣᠨᠴᠠ ᠭᠠᠷᠣᠯᠳᠠ ᠪᠣᠯᠬᠤ ᠣᠯᠠᠭᠠᠨ ᠴᠠᠭᠠᠨ ᠢᠳᠡᠬᠡᠨ᠂ ᠣᠯᠠᠮᠵᠢᠯᠠᠯᠳᠣ‌ᠬᠤᠪᠴᠠᠰᠣ ᠵᠠᠰᠠᠯ ᠵᠡᠷᠬᠡ ᠬᠦᠷᠢᠶ᠎ᠠ ᠴᠠᠷ᠎ᠠ ᠶᠢ ᠬᠠᠮᠣᠷᠠᠭᠰᠠᠨ ︽ᠬᠤᠨᠳᠣ ᠨᠣᠳᠤᠭ ᠤᠨ ᠨᠣᠳᠤᠭ ᠤᠨ ᠭᠠᠷᠣᠯᠳᠠ ᠶᠢᠨ ᠰᠦᠯᠵᠢᠶᠡᠨ‌‍ᠪᠣᠷᠣᠯᠠᠭᠤᠯᠭ᠎ᠠ ᠶᠢᠨ ᠲᠦᠪ︾᠎ ᠢ ᠡᠭᠦᠰᠭᠡᠨ ᠪᠠᠶᠢᠭᠤᠯᠵᠣ᠂ ᠮᠠᠯᠴᠢᠳ ᠲᠠᠢ ᠬᠤᠯᠪᠣᠭᠠᠯᠠᠨ ᠬᠦᠳᠡᠭᠡ ᠨᠣᠳᠤᠭ ᠤᠨ ᠮᠠᠯ ᠤᠨ ᠠᠰᠢᠭ‌‍ᠰᠢᠮ᠎ᠠ ᠶᠢᠨ ᠪᠦᠳᠦᠬᠡᠭᠳᠡᠬᠦᠨ ᠤ ︽ᠰᠦᠯᠵᠢᠶᠡᠨ ᠪᠣᠷᠣᠯᠠᠭᠤᠯᠭ᠎ᠠ ᠶᠢᠨ ᠵᠠᠬ᠎ᠠ︾᠎ ᠶᠢ ᠨᠡᠬᠡᠬᠡᠬᠦ ᠪᠠᠷ ᠲᠦᠯᠦᠪᠯᠡᠵᠦ ᠪᠠᠶᠢᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号