︽ᠤᠳᠬ᠎ᠠ ᠤᠷᠠᠯᠢᠭ ᠢᠶᠠᠷ ᠤᠮᠠᠷᠠᠲᠤ ᠬᠢᠯᠢ ᠪᠠᠨ ᠴᠢᠮᠡᠬᠦᠢ︾ ᠰᠢᠯᠢ ᠶᠢᠨ ᠭᠤᠤᠯ ᠠᠶᠢᠮᠠᠭ ᠤᠨ ᠵᠤᠬᠢᠶᠠᠯᠴᠢᠳ ᠤᠨ ᠵᠤᠬᠢᠶᠠᠨ ᠪᠥᠲᠥᠭᠡᠬᠦ ᠰᠤᠯᠢᠯᠴᠠᠭᠠᠨ ᠤ ᠠᠵᠢᠯᠯᠠᠭ᠎ᠠ ᠪᠠᠷᠠᠭᠤᠨ ᠥᠵᠥᠮᠥᠴᠢᠨ ᠬᠤᠰᠢᠭᠤᠨ ᠳᠤ ᠶᠠᠪᠤᠭᠲᠠᠪᠠ
ᠨᠡᠶᠢᠲᠡᠯᠡᠭᠰᠡᠨ ᠴᠠᠭ᠄
2023/12/31
︽ᠤᠳᠬ᠎ᠠ ᠤᠷᠠᠯᠢᠭ ᠢᠶᠠᠷ ᠤᠮᠠᠷᠠᠲᠤ ᠬᠢᠯᠢ ᠪᠠᠨ ᠴᠢᠮᠡᠬᠦᠢ︾ ᠰᠢᠯᠢ ᠶᠢᠨ ᠭᠤᠤᠯ ᠠᠶᠢᠮᠠᠭ ᠤᠨ ᠵᠤᠬᠢᠶᠠᠯᠴᠢᠳ ᠤᠨ ᠵᠤᠬᠢᠶᠠᠨ ᠪᠥᠲᠥᠭᠡᠬᠦ ᠰᠤᠯᠢᠯᠴᠠᠭᠠᠨ ᠤ ᠠᠵᠢᠯᠯᠠᠭ᠎ᠠ ᠪᠠᠷᠠᠭᠤᠨ ᠥᠵᠥᠮᠥᠴᠢᠨ ᠬᠤᠰᠢᠭᠤᠨ ᠳᠤ ᠶᠠᠪᠤᠭᠲᠠᠪᠠᠲᠤᠰ ᠰᠤᠨᠢᠨ ᠤ ᠮᠡᠲᠡᠭᠡ ︵ᠬᠠᠮ ᠵᠠᠭᠤᠴᠢᠯᠠᠭᠤᠷ ᠤᠨ ᠰᠤᠷᠪᠤᠯᠵᠢᠯᠠᠬᠴᠢ ᠱᠢᠷᠥᠨᠴᠢᠮᠡᠭ︶ 11 ᠰᠠᠷ᠎ᠠ ᠶᠢᠨ 21᠎ ᠤ ᠡᠲᠥᠷ᠂ ᠰᠢᠯᠢ ᠶᠢᠨ ᠭᠤᠤᠯ ᠠᠶᠢᠮᠠᠭ ᠤᠨ ᠤᠳᠬ᠎ᠠ ᠤᠷᠠᠯᠢᠭ ᠤᠨ ᠬᠢᠨ ᠤ ᠬᠤᠯᠪᠤᠭ᠎ᠠ ᠠᠴᠠ ᠭᠤᠤᠯᠯᠠᠨ ᠡᠷᠬᠢᠯᠡᠵᠥ᠂ ᠪᠠᠷᠠᠭᠤᠨ ᠥᠵᠥᠮᠥᠴᠢᠨ ᠬᠤᠰᠢᠭᠤᠨ ᠤ ᠤᠳᠬ᠎ᠠ ᠤᠷᠠᠯᠢᠭ ᠤᠨ ᠬᠢᠨ ᠤ ᠬᠤᠯᠪᠤᠭ᠎ᠠ ᠠᠴᠠ ᠲᠠᠭᠠᠭᠠᠴᠢᠯᠠᠨ ᠡᠷᠬᠢᠯᠡᠭᠰᠡᠨ ︽ᠤᠳᠬ᠎ᠠ ᠤᠷᠠᠯᠢᠭ ᠢᠶᠠᠷ ᠤᠮᠠᠷᠠᠲᠤ ᠬᠢᠯᠢ ᠪᠠᠨ ᠴᠢᠮᠡᠬᠦᠢ︾ ᠰᠢᠯᠢ ᠶᠢᠨ ᠭᠤᠤᠯ ᠤᠨ ᠵᠤᠬᠢᠶᠠᠯᠴᠢᠳ ᠤᠨ ᠵᠤᠬᠢᠶᠠᠨ ᠪᠥᠲᠥᠭᠡᠬᠦ ᠰᠤᠯᠢᠯᠴᠠᠭᠠᠨ ᠤ ᠠᠵᠢᠯᠯᠠᠭ᠎ᠠ ᠪᠠᠷᠠᠭᠤᠨ ᠥᠵᠥᠮᠥᠴᠢᠨ ᠬᠤᠰᠢᠭᠤᠨ ᠳᠤ ᠶᠠᠪᠤᠭᠲᠠᠪᠠ᠃ ᠰᠢᠯᠢ ᠶᠢᠨ ᠭᠤᠤᠯ ᠠᠶᠢᠮᠠᠭ ᠤᠨ ᠤᠳᠬ᠎ᠠ ᠤᠷᠠᠯᠢᠭ ᠤᠨ ᠬᠢᠨ ᠤ ᠬᠤᠯᠪᠤᠭ᠎ᠠ᠂ ︽ᠥᠨᠢᠷ ᠴᠡᠴᠡᠭ︾ ᠰᠡᠳᠬᠦᠯ᠂ ︽ᠲᠡᠯᠡᠭᠡᠢ ᠶᠢᠨ ᠤᠳᠬ᠎ᠠ ᠵᠤᠬᠢᠶᠠᠯ︾ ᠰᠡᠳᠬᠦᠯ ᠤᠨ ᠨᠠᠶᠢᠷᠠᠭᠤᠯᠤᠭᠴᠢᠳ ᠵᠢᠴᠢ ᠪᠠᠷᠠᠭᠤᠨ ᠥᠵᠥᠮᠥᠴᠢᠨ ᠬᠤᠰᠢᠭᠤᠨ ᠤ ᠵᠤᠬᠢᠶᠠᠯᠴᠢᠳ ᠨᠡᠶᠢᠲᠡ ᠲᠠᠪᠢᠭᠠᠳ ᠬᠥᠮᠥᠨ ᠠᠵᠢᠯᠯᠠᠭ᠎ᠠ ᠳᠤ ᠤᠷᠤᠯᠴᠠᠵᠠᠢ᠃21᠎ ᠤ ᠥᠲᠡ ᠶᠢᠨ ᠡᠮᠥᠨ᠎ᠠ᠂ ᠬᠤᠷᠠᠯ ᠳᠤ ᠤᠷᠤᠯᠴᠠᠭᠰᠠᠳ ᠪᠠᠷᠠᠭᠤᠨ ᠥᠵᠥᠮᠥᠴᠢᠨ ᠬᠤᠰᠢᠭᠤᠨ ᠤ ᠭᠤᠷᠤᠬᠠᠨ ᠪᠠᠯᠭᠠᠰᠤ ᠶᠢᠨ ᠲᠤᠯᠭ᠎ᠠ ᠭᠠᠴᠠᠭᠠᠨ ᠳᠤ ᠬᠥᠷᠴᠥ᠂ ︽ᠰᠢᠯᠢ ᠶᠢᠨ ᠭᠤᠤᠯ︾ ᠰᠡᠳᠬᠦᠯ ᠤᠨ ᠵᠤᠬᠢᠶᠠᠨ ᠪᠥᠲᠥᠭᠡᠯᠭᠡ ᠲᠠᠷᠬᠠᠭᠠᠯᠲᠠ ᠶᠢᠨ ᠥᠷᠬᠦᠭᠡᠨ ᠤ ᠫᠠᠶᠢᠰᠠ ᠢᠯᠡᠷᠭᠡᠶᠢᠯᠡᠯ ᠤᠯᠭᠤᠬᠤ ᠶᠤᠰᠤᠯᠠᠯ ᠶᠠᠪᠤᠬᠳᠠᠭᠤᠯᠪᠠ᠃ ᠲᠤᠯᠭ᠎ᠠ ᠭᠠᠴᠠᠭ᠎ᠠ ᠤᠷᠢᠳ ᠬᠤᠵᠢᠳ ᠪᠥᠬᠦ ᠤᠷᠤᠨ ᠤ ᠠᠷᠢᠭᠤᠨ ᠴᠡᠪᠡᠷ ᠭᠠᠴᠠᠭ᠎ᠠ᠂ ᠪᠥᠬᠦ ᠠᠶᠢᠮᠠᠭ ᠤᠨ ᠥᠨᠲᠤᠰᠤᠨ ᠱᠠᠲᠤᠨ ᠤ ᠲᠡᠷᠢᠬᠦᠨ ᠤ ᠨᠠᠮ ᠤᠨ ᠵᠤᠬᠢᠶᠠᠨ ᠪᠠᠶᠢᠭᠤᠯᠤᠯᠲᠠ᠂ ᠪᠥᠬᠦ ᠠᠶᠢᠮᠠᠭ ᠤᠨ ᠲᠠᠪᠤᠨ ᠬᠥᠴᠥᠷᠭᠡᠭ ᠭᠠᠴᠠᠭ᠎ᠠ ᠲᠤᠰᠬᠤᠨ ᠤ ᠨᠠᠮ ᠤᠨ ᠵᠤᠬᠢᠶᠠᠨ ᠪᠠᠶᠢᠭᠤᠯᠤᠯᠲᠠ ᠵᠡᠷᠭᠡ ᠢᠷᠠᠭᠤ ᠠᠯᠲᠠᠷ ᠢ ᠬᠥᠷᠲᠡᠵᠥ᠂ ᠮᠠᠯᠴᠢᠳ ᠨᠢ ᠨᠤᠮ ᠪᠢᠴᠢᠭ ᠤᠡᠭᠰᠢᠬᠤ ᠲᠤᠷᠠᠲᠠᠢ᠂ ᠪᠥᠬᠦ ᠠᠷᠠᠳ ᠢᠶᠠᠷ ᠢᠶᠠᠨ ᠰᠤᠶᠤᠯ ᠤᠷᠠᠯᠢᠭ ᠤᠨ ᠠᠵᠢᠯᠯᠠᠭᠠᠨ ᠳᠤ ᠲᠤᠷ᠎ᠠ ᠪᠠᠭ᠋ᠠᠲᠠᠢ ᠪᠠᠶᠢᠲᠠᠭ᠃ ᠡᠶᠢᠮᠥ ᠰᠠᠶᠢᠬᠠᠨ ᠨᠥᠬᠦᠴᠡᠯ ᠲᠠᠢ ᠪᠤᠯᠬᠤᠷ ᠰᠢᠯᠢ ᠶᠢᠨ ᠭᠤᠤᠯ ᠠᠶᠢᠮᠠᠭ ᠤᠨ ᠤᠳᠬ᠎ᠠ ᠤᠷᠠᠯᠢᠭ ᠤᠨ ᠬᠢᠨ ᠤ ᠬᠤᠯᠪᠤᠭ᠎ᠠ ᠨᠢ ᠲᠤᠰ ᠭᠠᠴᠠᠭᠠᠨ ᠳᠤ ᠵᠤᠬᠢᠶᠠᠨ ᠪᠥᠲᠥᠭᠡᠬᠦ ᠪᠤᠯᠤᠨ ᠲᠠᠷᠬᠠᠭᠠᠯᠲᠠ ᠶᠢᠨ ᠰᠠᠭᠤᠷᠢᠨ ᠪᠠᠶᠢᠭᠤᠯᠵᠠᠢ᠃21᠎ ᠤ ᠥᠲᠡ ᠶᠢᠨ ᠬᠤᠶᠢᠨ᠎ᠠ᠂ ᠪᠠᠯᠭᠠᠷᠭᠤᠤᠯ ᠪᠠᠯᠭᠠᠰᠤᠨ ᠳᠤ ︽ᠥᠨᠢᠷ ᠴᠡᠴᠡᠭ︾᠂ ︽ᠲᠡᠯᠡᠭᠡᠢ ᠶᠢᠨ ᠤᠳᠬ᠎ᠠ ᠵᠤᠬᠢᠶᠠᠯ ︾᠂ ︽ᠰᠢᠯᠢ ᠶᠢᠨ ᠭᠤᠤᠯ︾ ᠵᠡᠷᠭᠡ ᠭᠤᠷᠪᠠᠨ ᠰᠡᠳᠬᠦᠯ ᠤᠨ ᠵᠤᠬᠢᠶᠠᠯᠴᠢᠳ ᠤᠨ ᠠᠭᠤᠯᠵᠠᠯᠲᠠ ᠶᠠᠪᠤᠭᠲᠠᠵᠥ᠂ ᠠᠭᠤᠯᠵᠠᠯᠳᠠ ᠳᠤ ᠤᠷᠤᠯᠴᠠᠭᠰᠠᠳ ᠰᠠᠨᠠᠯ ᠵᠥᠪᠯᠡᠯᠭᠡ ᠪᠠᠨ ᠶᠠᠷᠢᠭᠰᠠᠨ ᠪᠥᠭᠡᠳ ︽ᠰᠢᠯᠢ ᠶᠢᠨ ᠭᠤᠤᠯ︾ ᠰᠡᠳᠬᠦᠯ ᠤᠨ ᠶᠡᠷᠥᠩᠭᠡᠢ ᠨᠠᠶᠢᠷᠠᠭᠤᠯᠤᠭᠴᠢ᠂ ︽ᠴᠤᠭᠲᠤᠨᠠᠷᠠᠨ ᠤ ᠵᠤᠬᠢᠶᠠᠨ ᠪᠥᠲᠥᠭᠡᠬᠦ ᠥᠷᠥᠭᠡ︾᠎ ᠶᠢᠨ ᠫᠤ · ᠴᠤᠭᠲᠤᠨᠠᠷᠠᠨ ᠠᠴᠠ ︽ᠤᠷᠠᠨ ᠵᠤᠬᠢᠶᠠᠯ ᠤᠨ ᠲᠡᠥᠭᠡᠨ ᠬᠠᠷᠢᠭᠤᠴᠠᠯᠭ᠎ᠠ ᠵᠢᠴᠢ ᠴᠠᠭ ᠥᠶ᠎ᠠ ᠶᠢᠨ ᠤᠷᠮᠠᠰ ᠰᠡᠳᠬᠢᠯᠭᠡ ᠶᠢᠨ ᠲᠤᠬᠠᠢ ᠴᠤᠬᠤᠰ ᠥᠬᠦᠯᠡᠬᠦ ᠨᠢ — ᠰᠡᠷᠡᠯ ᠤᠨ ᠪᠤᠯᠤᠨ ᠤᠶᠤᠨ ᠤ ᠤᠷᠴᠢᠯ᠂ ᠪᠠᠶᠢᠭᠠᠯᠢ ᠪᠤᠯᠤᠨ ᠨᠡᠶᠢᠭᠡᠮ ᠤᠨ ᠠᠭᠤᠰᠤᠯᠴᠠᠭ᠎ᠠ ᠪᠠᠷ ᠵᠢᠱᠢᠶᠡᠯᠡᠬᠦᠢ︾ ᠰᠡᠲᠤᠪ ᠢᠶᠠᠷ ᠲᠤᠰᠬᠠᠢ ᠰᠡᠲᠤᠪᠲᠤ ᠬᠢᠴᠢᠶᠡᠯ ᠤᠷᠤᠭᠰᠠᠨ ᠪᠠᠶᠢᠨ᠎ᠠ᠃ᠲᠤᠰ ᠤᠲᠠᠭᠠᠨ ᠤ ᠠᠭᠤᠯᠵᠠᠯᠲᠠ ᠨᠢ ᠵᠤᠬᠢᠶᠠᠯᠴᠢᠳ ᠢᠶᠠᠨ ᠲᠠᠶᠢᠴᠢᠯᠠᠵᠥ᠂ ᠨᠡᠩ ᠰᠠᠶᠢᠨ ᠮᠥᠷᠲᠡᠭᠡᠨ ᠨᠡᠩ ᠤᠯᠠᠨ ᠤᠷᠠᠨ ᠪᠥᠲᠥᠭᠡᠯ ᠲᠤᠭᠤᠷᠪᠢᠬᠤ᠂ ᠰᠡᠳᠬᠦᠯ ᠢᠶᠠᠨ ᠢᠲᠡᠪᠬᠢᠲᠡᠢ ᠵᠠᠬᠢᠶᠠᠯᠠᠬᠤ᠂ ᠬᠠᠷᠢᠯᠴᠠᠨ ᠲᠤᠷᠰᠢᠯᠭ᠎ᠠ ᠰᠤᠯᠢᠯᠴᠠᠬᠤ ᠳᠤ ᠥᠢᠯᠡᠴᠢᠯᠡᠵᠥ᠂ ᠤᠳᠬ᠎ᠠ ᠠᠭᠤᠯᠭ᠎ᠠ ᠲᠠᠢ ᠰᠠᠶᠢᠬᠠᠨ ᠠᠵᠢᠯᠯᠠᠭ᠎ᠠ ᠪᠤᠯᠤᠭᠰᠠᠨ ᠪᠠᠶᠢᠨ᠎ᠠ᠃
 
ᠢᠷᠡᠯᠲᠡ᠄ ᠰᠢᠯᠢ ᠶᠢᠨ ᠭᠤᠤᠯ ᠤᠨ ᠮᠤᠩᠭᠤᠯ ᠰᠤᠨᠢᠨ ᠮᠡᠳᠡᠭᠡᠨ ᠤ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号