ᠰᠢᠯᠢ ᠶᠢᠨ ᠭᠤᠣᠯ ᠠᠶᠢᠮᠠᠭ ︽ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠬᠤ︾ ᠤᠷᠠᠨ ᠵᠢᠷᠤᠭ ᠤᠷᠠᠨ ᠪᠢᠴᠢᠯᠭᠡ ᠭᠡᠷᠡᠯ ᠵᠢᠷᠤᠭ ᠤᠨ ᠦᠵᠡᠭᠦᠯᠭᠡ ᠬᠢᠵᠡᠢ
ᠨᠡᠶᠢᠲᠡᠯᠡᠭᠰᠡᠨ ᠴᠠᠭ᠄
2023/12/31
ᠰᠢᠯᠢ ᠶᠢᠨ ᠭᠤᠣᠯ ᠠᠶᠢᠮᠠᠭ ︽ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠬᠤ︾ ᠤᠷᠠᠨ ᠵᠢᠷᠤᠭ ᠤᠷᠠᠨ ᠪᠢᠴᠢᠯᠭᠡ ᠭᠡᠷᠡᠯ ᠵᠢᠷᠤᠭ ᠤᠨ ᠦᠵᠡᠭᠦᠯᠭᠡ ᠬᠢᠵᠡᠢᠣᠶᠢᠷ᠎ᠠ ᠳᠤ᠂ ᠰᠢᠯᠢ ᠶᠢᠨ ᠭᠤᠣᠯ ᠠᠶᠢᠮᠠᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠰᠢᠯᠢ ᠶᠢᠨ ᠭᠤᠣᠯ ᠠᠶᠢᠮᠠᠭ ᠤᠨ ᠤᠳᠬ᠎ᠠ ᠤᠷᠠᠯᠢᠭ ᠤᠨ ᠬᠢᠨ ᠤ ᠬᠤᠯᠪᠤᠭ᠎ᠠ ᠠᠴᠠ ᠭᠤᠣᠯᠯᠠᠨ ᠡᠷᠭᠢᠯᠡᠭᠰᠡᠨ ᠰᠢᠯᠢ ᠶᠢᠨ ᠭᠤᠣᠯ ᠠᠶᠢᠮᠠᠭ ᠤᠨ ︽ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠬᠤ︾ ᠭᠤᠣᠯ ᠰᠡᠳᠦᠪᠲᠦ ᠤᠷᠠᠨ ᠵᠢᠷᠤᠭ ᠤᠷᠠᠨ ᠪᠢᠴᠢᠯᠭᠡ ᠭᠡᠷᠡᠯ ᠵᠢᠷᠤᠭ ᠤᠨ ᠦᠵᠡᠭᠦᠯᠭᠡ ᠰᠢᠯᠢ ᠶᠢᠨ ᠬᠤᠲᠠ ᠳᠤ ᠶᠠᠪᠤᠭᠳᠠᠪᠠ᠃ ᠲᠣᠰ ᠤᠳᠠᠭᠠᠨ ᠤ ᠤᠷᠠᠨ ᠵᠢᠷᠤᠭ ᠤᠷᠠᠨ ᠪᠢᠴᠢᠯᠭᠡ ᠭᠡᠷᠡᠯ ᠵᠢᠷᠤᠭ ᠤᠨ ᠦᠵᠡᠭᠦᠯᠭᠡ ᠳᠤ 200 ᠭᠠᠷᠤᠢ ᠬᠤᠪᠢ ᠪᠦᠲᠦᠭᠡᠯ ᠢ ᠳᠡᠯᠭᠡᠨ ᠦᠵᠡᠭᠦᠯᠵᠡᠢ᠂ ᠡᠳᠡᠭᠡᠷ ᠤᠷᠠᠨ ᠪᠢᠴᠢᠯᠭᠡ᠂ ᠤᠷᠠᠨ ᠵᠢᠷᠤᠭ᠂ ᠭᠡᠷᠡᠯ ᠵᠢᠷᠤᠭ ᠤᠨ ᠪᠦᠲᠦᠭᠡᠯ ᠨᠢ ᠣᠯᠠᠨ ᠠᠭᠤᠯᠭ᠎ᠠ ᠶᠢ ᠬᠠᠮᠤᠷᠴᠤ᠂ ᠰᠢᠨ᠎ᠡ ᠴᠠᠭ ᠦᠶ᠎ᠡ ᠶᠢᠨ ᠰᠢᠯᠢ ᠶᠢᠨ ᠭᠤᠣᠯ ᠠᠶᠢᠮᠠᠭ ᠤᠨ ᠥᠷᠨᠢᠭᠦᠨ ᠬᠥᠭᠵᠢᠩᠭᠦᠢ ᠳᠦᠷᠰᠦ ᠪᠠᠶᠢᠳᠠᠯ ᠢ ᠭᠦᠢᠴᠡᠳ ᠬᠠᠷᠠᠭᠤᠯᠵᠠᠢ᠃ ᠰᠢᠯᠢ ᠶᠢᠨ ᠭᠤᠣᠯ ᠠᠶᠢᠮᠠᠭ ᠤᠨ ᠤᠳᠬ᠎ᠠ ᠤᠷᠠᠯᠢᠭ ᠤᠨ ᠬᠢᠨ ᠤ ᠬᠤᠯᠪᠤᠭ᠎ᠠ ᠶᠢᠨ ᠲᠡᠷᠢᠭᠦᠯᠡᠭᠴᠢ ᠴᠠᠩ ᠰᠢᠶᠠ᠄ ︽ᠲᠤᠰ ᠤᠳᠠᠭᠠᠨ ᠤ ᠦᠵᠡᠭᠦᠯᠭᠡ ᠶᠢ ᠡᠷᠭᠢᠯᠡᠭᠰᠡᠡ ᠨᠢ ᠪᠦᠭᠦ ᠠᠶᠢᠮᠠᠭ ᠤᠨ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠢ ᠬᠥᠲᠥᠯᠥᠨ ᠳᠠᠭᠠᠭᠤᠯᠵᠤ᠂ ︿ᠮᠣᠩᠭᠤᠯ ᠮᠣᠷᠢᠨ ᠤ ᠵᠣᠷᠢᠭ ᠰᠠᠨᠠᠭ᠎ᠠ﹀᠎ ᠶᠢ ᠪᠠᠳᠠᠷᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︿ᠲᠠᠪᠤᠨ ᠶᠡᠭᠡ ᠡᠭᠦᠷᠭᠡ﹀ ᠪᠣᠯᠣᠨ ︿ᠵᠢᠱᠢᠶᠡᠴᠢ ᠥᠪᠡᠷᠲᠡᠭᠡᠨ ᠵᠠᠰᠠᠬᠤ ᠣᠷᠣᠨ﹀᠎ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠰᠢᠯᠢ ᠶᠢᠨ ᠭᠤᠣᠯ ᠤᠨ ᠬᠤᠪᠢ ᠨᠡᠮᠡᠷᠢ ᠦᠵᠡᠭᠦᠯᠭᠦ ᠶᠢᠨ ᠲᠥᠯᠥᠭᠡ ᠶᠤᠮ︾ ᠭᠡᠯ᠎ᠡ᠃ ᠣᠶᠢᠯᠠᠭᠠᠭᠰᠠᠨ ᠢᠶᠠᠷ᠂ ᠲᠤᠰ ᠤᠳᠠᠭᠠᠨ ᠤ ᠦᠵᠡᠭᠦᠯᠭᠡ ᠬᠤᠶᠠᠷ ᠰᠠᠷ᠎ᠠ ᠶᠠᠪᠤᠭᠳᠠᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠤᠶᠤᠨ ᠤ ᠬᠦᠷᠲᠡᠭᠡᠯ ᠪᠤᠯᠬᠤ ᠠᠵᠢ᠃ ᠡᠭᠦᠨ ᠤ ᠬᠠᠮᠲᠤ ︽ᠦᠵᠡᠰᠬᠦᠯᠡᠩᠲᠦ ᠰᠠᠶᠢᠬᠠᠨ ᠨᠤᠲᠤᠭ ᠤᠰᠤ᠂ ᠵᠣᠯ ᠵᠢᠷᠭᠠᠯᠲᠤ ᠠᠮᠢᠳᠤᠷᠠᠯ᠂ ᠥᠷᠨᠢᠨ ᠬᠥᠭᠵᠢᠭᠡ ᠥᠭᠡᠳᠡᠷᠬᠡᠭ ᠦᠢᠯᠡᠰ᠂ ᠰᠤᠷᠤᠯᠴᠠᠭᠤᠰᠢᠳᠠᠢ ᠦᠯᠢᠭᠡᠷ ᠳᠠᠭᠤᠷᠢᠶᠠᠯ︾ ᠭᠡᠬᠦ ᠳᠥᠷᠪᠡᠨ ᠠᠭᠤᠯᠭ᠎ᠠ ᠶᠢᠨ ᠲᠣᠭᠤᠷᠢᠨ ᠳᠤ ᠰᠢᠯᠢ ᠶᠢᠨ ᠭᠤᠣᠯ ᠠᠶᠢᠮᠠᠭ ᠤᠨ ᠡᠯ᠎ᠡ ᠠᠵᠢᠯ ᠲᠥᠷᠥᠯ ᠤᠨ ᠬᠢᠨ ᠬᠢᠭᠡᠳ ᠦᠨᠳᠦᠰᠦᠲᠡᠨ ᠎ ᠨᠦᠭᠦᠳ ᠤᠨ ᠠᠷᠠᠳ ᠲᠦᠮᠡᠨ ᠤ ᠡᠷᠡᠯᠬᠡᠭᠯᠡᠨ ᠤᠷᠤᠭᠰᠢᠯᠠᠵᠤ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠤᠯᠠᠮ ᠪᠠᠳᠠᠷᠠᠭᠤᠯᠤᠨ᠂ ︽ᠤᠮᠠᠷᠠᠲᠤ ᠬᠢᠯᠢ ᠶᠢᠨ ᠰᠣᠶᠣᠯ︾ ᠎ ᠤᠨ ᠪᠠᠶᠢᠭᠤᠯᠤᠯᠲᠠ ᠶᠢ ᠲᠦᠷᠭᠡᠳᠬᠡᠵᠦ᠂ ᠰᠢᠯᠢ ᠶᠢᠨ ᠭᠤᠣᠯ ᠠᠶᠢᠮᠠᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠬᠢᠷᠢ ᠪᠦᠲᠦᠮᠵᠢ ᠶᠢᠨ ᠬᠠᠭᠤᠳᠠᠰᠤ ᠶᠢ ᠳᠡᠯᠭᠡᠭᠰᠡᠨ ᠪᠠᠶᠢᠨ᠎ᠠ᠃
 
ᠢᠷᠡᠯᠲᠡ᠄ ᠲᠤᠮᠲᠠᠲᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号