ᠣᠶᠢᠷ᠎ᠠ ᠵᠠᠢ ᠶᠢᠨ ᠲᠦᠷᠭᠡᠨ ᠲᠡᠰᠢᠯᠲᠡ ᠶᠢᠨ ᠰᠣᠳᠣᠨ ᠲᠠᠮᠢᠷᠴᠢᠳ ᠤᠨ ᠬᠤᠯᠪᠣᠭᠠᠲᠤ ᠤᠷᠤᠯᠳᠤᠭᠠᠨ ᠳᠤ ᠮᠠᠨ ᠤ ᠣᠷᠣᠨ ᠤ ᠲᠠᠮᠢᠷᠴᠢᠨ 3 ᠵᠦᠢᠯ ᠤᠨ ᠤᠷᠤᠯᠳᠤᠭᠠᠨ ᠳᠤ ᠮᠠᠩᠯᠠᠶᠢᠯᠠᠪᠠ
ᠨᠡᠶᠢᠲᠡᠯᠡᠭᠰᠡᠨ ᠴᠠᠭ᠄
2023/12/31
ᠣᠶᠢᠷ᠎ᠠ ᠵᠠᠢ ᠶᠢᠨ ᠲᠦᠷᠭᠡᠨ ᠲᠡᠰᠢᠯᠲᠡ ᠶᠢᠨ ᠰᠣᠳᠣᠨ ᠲᠠᠮᠢᠷᠴᠢᠳ ᠤᠨ ᠬᠤᠯᠪᠣᠭᠠᠲᠤ ᠤᠷᠤᠯᠳᠤᠭᠠᠨ ᠳᠤ ᠮᠠᠨ ᠤ ᠣᠷᠣᠨ ᠤ ᠲᠠᠮᠢᠷᠴᠢᠨ 3 ᠵᠦᠢᠯ ᠤᠨ ᠤᠷᠤᠯᠳᠤᠭᠠᠨ ᠳᠤ ᠮᠠᠩᠯᠠᠶᠢᠯᠠᠪᠠᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ 2023 - 2024 ᠤᠷᠤᠯᠳᠤᠭᠠᠨ ᠤ ᠤᠯᠠᠷᠢᠯ ᠤᠨ ᠳᠤᠮᠳᠠᠳᠤ ᠤᠯᠤᠰ ᠬᠤᠨᠳᠠᠭᠠᠲᠤ ᠣᠶᠢᠷ᠎ᠠ ᠵᠠᠢ ᠶᠢᠨ ᠲᠦᠷᠭᠡᠨ ᠲᠡᠰᠢᠯᠲᠡ ᠶᠢᠨ ᠰᠣᠳᠣᠨ ᠲᠠᠮᠢᠷᠴᠢᠳ ᠤᠨ ᠬᠤᠯᠪᠣᠭᠠᠲᠤ ᠤᠷᠤᠯᠳᠤᠭᠠᠨ ᠤ ᠬᠠᠷᠪᠢᠨ ᠦᠷᠳᠡᠭᠡ ︵ᠭᠤᠷᠪᠠᠳᠤᠭᠠᠷ ᠥᠷᠲᠡᠭᠡ︶᠎ ᠶᠢᠨ ᠤᠷᠤᠯᠳᠤᠭᠠᠨ ᠲᠦᠷᠦᠭᠦᠬᠡᠨ ᠬᠠᠷᠠᠮᠥ᠋ᠷᠡᠨ ᠮᠤᠵᠢ ᠳᠤ ᠶᠠᠪᠤᠭᠳᠠᠵᠤ᠂ ᠮᠠᠨ ᠤ ᠣᠷᠣᠨ ᠤ ᠲᠠᠮᠢᠷᠴᠢᠳ ᠢᠯᠡ ᠤᠷᠤᠯᠳᠤᠭᠠᠨ ᠤ ᠳᠤᠭᠤᠶᠢᠯᠠᠩ ᠤᠨ ᠡᠷᠡᠭᠲᠡᠢ ᠶᠢᠨ 1500 ᠮᠧᠲᠷ ᠤᠨ ᠮᠠᠩᠯᠠᠢ᠂ ᠵᠠᠯᠠᠭᠤᠴᠤᠳ ᠤᠨ ᠡᠮᠡᠭᠲᠡᠢ ᠶᠢᠨ 500 ᠮᠧᠲᠷ ᠤᠨ ᠮᠠᠩᠯᠠᠢ᠂ ᠵᠠᠯᠠᠭᠤᠴᠤᠳ ᠤᠨ ᠡᠷᠡᠭᠲᠡᠢ ᠡᠮᠡᠭᠲᠡᠢ ᠶᠢᠨ ᠪᠤᠤᠬᠢᠶ᠎ᠠ ᠤᠷᠤᠯᠳᠤᠭᠠᠨ ᠤ 2000 ᠮᠧᠲᠷ ᠤᠨ ᠤᠷᠤᠯᠳᠤᠭᠠᠨ ᠳᠤ ᠮᠠᠩᠯᠠᠶᠢᠯᠠᠪᠠ᠃ ᠣᠶᠢᠯᠠᠭᠠᠭᠰᠠᠨ ᠢᠶᠠᠷ᠂ ᠲᠤᠰ ᠤᠷᠤᠯᠳᠤᠭᠠᠨ ᠳᠤ ᠪᠦᠭᠦ ᠤᠯᠤᠰ ᠤᠨ 23 ᠲᠥᠯᠥᠭᠡᠯᠡᠭᠴᠢᠳ ᠤᠨ ᠠᠩᠭᠢ ᠶᠢᠨ 190 ᠲᠠᠮᠢᠷᠴᠢᠨ ᠣᠷᠣᠯᠴᠠᠵᠤ᠂ ᠵᠠᠯᠠᠭᠤᠴᠤᠳ ᠤᠨ ᠳᠤᠭᠤᠶᠢᠯᠠᠩ ᠪᠠ ᠢᠯᠡ ᠤᠷᠤᠯᠳᠤᠭᠠᠨ ᠤ ᠳᠤᠭᠤᠶᠢᠯᠠᠩ ᠬᠤᠪᠢᠶᠠᠵᠤ᠂ ᠡᠷᠡᠭᠲᠡᠢ ᠪᠠ ᠡᠮᠡᠭᠲᠡᠢ ᠶᠢᠨ 500 ᠮᠧᠲᠷ᠂ 1000 ᠮᠧᠲᠷ᠂ 1500 ᠮᠧᠲᠷ ᠵᠡᠷᠭᠡ ᠳᠠᠩ ᠲᠦᠷᠦᠯ ᠤᠨ ᠤᠷᠤᠯᠳᠤᠭᠠᠨ᠂ ᠡᠷᠡᠭᠲᠡᠢ ᠶᠢᠨ 5000 ᠮᠧᠲᠷ ᠤᠨ ᠪᠤᠤᠬᠢᠶ᠎ᠠ ᠤᠷᠤᠯᠳᠤᠭᠠᠨ᠂ ᠡᠮᠡᠭᠲᠡᠢ ᠶᠢᠨ 3000 ᠮᠧᠲᠷ ᠤᠨ ᠪᠤᠤᠬᠢᠶ᠎ᠠ ᠤᠷᠤᠯᠳᠤᠭᠠᠨ᠂ ᠡᠷᠡᠭᠲᠡᠢ ᠡᠮᠡᠭᠲᠡᠢ ᠶᠢᠨ 2000 ᠮᠧᠲᠷ ᠤᠨ ᠪᠤᠤᠬᠢᠶ᠎ᠠ ᠤᠷᠤᠯᠳᠤᠭᠠᠨ ᠵᠡᠷᠭᠡ ᠨᠡᠶᠢᠲᠡ 18 ᠵᠦᠢᠯ ᠤᠨ ᠤᠷᠤᠯᠳᠤᠭᠠᠨ ᠤ ᠵᠦᠢᠯ ᠢ ᠲᠣᠬᠢᠷᠠᠭᠤᠯᠵᠠᠢ᠃ ᠮᠠᠨ ᠤ ᠣᠷᠣᠨ ᠤ 14 ᠲᠠᠮᠢᠷᠴᠢᠨ ᠣᠷᠣᠯᠴᠠᠵᠠᠢ᠃ ᠰᠣᠳᠣᠨ ᠲᠠᠮᠢᠷᠴᠢᠳ ᠤᠨ ᠬᠤᠯᠪᠣᠭᠠᠲᠤ ᠤᠷᠤᠯᠳᠤᠭᠠᠨ ᠤ 4 ᠥᠷᠲᠡᠭᠡᠨ ᠤ ᠤᠷᠤᠯᠳᠤᠭᠠᠨ ᠳᠠᠭᠤᠰᠤᠭᠰᠠᠨ ᠤ ᠳᠠᠷᠠᠭ᠎ᠠ᠂ ᠢᠯᠡ ᠤᠷᠤᠯᠳᠤᠭᠠᠨ ᠤ ᠳᠤᠭᠤᠶᠢᠯᠠᠩ ᠤᠨ ᠬᠢᠨ 2 ᠥᠷᠲᠡᠭᠡᠨ ᠤ ᠤᠷᠤᠯᠳᠤᠭᠠᠨ ᠤ ᠬᠠᠮᠤᠭ ᠤᠨ ᠰᠢᠯᠢᠳᠡᠭ ᠪᠦᠷᠢᠨ ᠴᠢᠳᠠᠪᠤᠷᠢ ᠶᠢᠨ ᠬᠤᠷᠠᠮᠳᠤᠯ ᠬᠤᠪᠢ ᠶᠢᠨ ᠨᠡᠶᠢᠯᠡᠪᠦᠷᠢ ᠬᠤᠪᠢ ᠶᠢᠨ ᠡᠮᠦᠨ᠎ᠡ 32 ᠨᠡᠷᠡᠰ᠂ ᠵᠠᠯᠠᠭᠤᠴᠤᠳ ᠤᠨ ᠳᠤᠭᠤᠶᠢᠯᠠᠩ ᠤᠨ ᠬᠢᠨ 2 ᠥᠷᠲᠡᠭᠡᠨ ᠤ ᠤᠷᠤᠯᠳᠤᠭᠠᠨ ᠤ ᠬᠠᠮᠤᠭ ᠤᠨ ᠰᠢᠯᠢᠳᠡᠭ ᠪᠦᠷᠢᠨ ᠴᠢᠳᠠᠪᠤᠷᠢ ᠶᠢᠨ ᠬᠤᠷᠠᠮᠳᠤᠯ ᠬᠤᠪᠢ ᠶᠢᠨ ᠨᠡᠶᠢᠯᠡᠪᠦᠷᠢ ᠬᠤᠪᠢ ᠶᠢᠨ ᠡᠮᠦᠨ᠎ᠡ 16 ᠨᠡᠷᠡᠰ ᠢ ᠰᠣᠩᠭᠤᠵᠤ᠂ 2023 - 2024 ᠤᠷᠤᠯᠳᠤᠭᠠᠨ ᠤ ᠤᠯᠠᠷᠢᠯ ᠤᠨ ᠪᠦᠭᠦ ᠤᠯᠤᠰ ᠤᠨ ᠣᠶᠢᠷ᠎ᠠ ᠵᠠᠢ ᠶᠢᠨ ᠲᠦᠷᠭᠡᠨ ᠲᠡᠰᠢᠯᠲᠡ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠳᠤ ᠣᠷᠣᠯᠴᠠᠭᠤᠯᠤᠨ᠎ᠠ᠃
 
ᠢᠷᠡᠯᠲᠡ᠄ ᠲᠤᠮᠲᠠᠲᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号