ᠮᠠᠯᠴᠢᠨ ᠷᠠᠰᠢᠭᠤᠩᠭ᠎ᠠ ᠰᠢᠭᠤᠳ ᠨᠡᠪᠲᠡᠷᠡᠭᠦᠯᠭᠡ ᠪᠠᠷ ᠭᠠᠷ ᠣᠷᠠᠯᠠᠯ ᠤᠨ ᠪᠦᠳᠦᠬᠡᠭᠳᠡᠬᠦᠨ ᠪᠣᠷᠣᠯᠠᠭᠤᠯᠵᠣ᠂ ᠵᠢᠯ ᠤᠨ | ᠣᠷᠣᠯᠭ᠎ᠠ 30 ᠲᠦᠮᠡᠨ ᠲᠦᠭᠦᠷᠢᠭ ᠬᠦᠷᠴᠦ ᠪᠠᠶᠢᠨ᠎ᠠ | ᠬᠦᠳᠡᠭᠡ ᠨᠣᠳᠤᠭ ᠲᠤ ᠴᠢᠮᠡᠭᠡ ᠬᠤᠯᠪᠤᠭᠠᠨ ᠤ ᠨᠦᠭᠦᠴᠡᠯ ᠰᠠᠶᠢᠵᠢᠷᠠᠨ ᠢᠨᠲ᠋ᠧᠷ ᠰᠦᠯᠵᠢᠶ᠎ᠡ ᠲᠦᠭᠡᠮᠡᠯᠵᠢᠬᠦ ᠪᠠᠷ ᠬᠡᠰᠡᠭ | ᠮᠠᠯᠴᠢᠳ ᠣᠷᠣᠨ ᠨᠣᠳᠤᠭ ᠤᠨ ᠤᠨᠴᠠ ᠭᠠᠷᠣᠯᠳᠠ᠂ ᠮᠠᠯ ᠤᠨ ᠠᠰᠢᠭ ᠰᠢᠮ᠎ᠠ᠂ ᠲᠠᠷᠢᠶᠠᠯᠠᠩ ᠤᠨ ᠪᠦᠳᠦᠬᠡᠭᠳᠡᠬᠦᠨ | ᠵᠶ᠋ᠡᠨᠰᠦ᠋ᠯᠵᠢᠶᠠ ᠪᠠᠷ ᠪᠣᠷᠣᠯᠠᠭᠤᠯᠬᠤ ᠪᠤᠯᠵᠠᠢ᠃ ᠤᠯᠠᠭᠠᠠᠬᠠᠳᠠ ᠬᠤᠳᠠ ᠶᠢᠨ ᠠᠷᠣ ᠬᠤᠷᠴᠢᠨ ᠬᠤᠰᠢᠭᠤᠨ ᠤ ᠬᠤᠨᠳᠣ | ᠪᠠᠯᠭᠠᠰᠦ ᠵᠢᠨᠤᠰᠤᠨ ᠡᠬᠢ ᠭᠠᠴᠠᠭᠠᠨ ᠤ ᠮᠠᠯᠴᠢᠨ ᠷᠠᠰᠢᠭᠤᠩᠭ᠎ᠠ ᠣᠯᠠᠮᠵᠢᠯᠠᠯᠳᠣ ᠭᠠᠷ ᠣᠷᠠᠯᠠᠯ ᠤᠨ ᠪᠦᠳᠦᠬᠡᠭᠳᠡᠬᠦᠨ ᠢᠶᠠᠨ | ︽ᠪᠤᠰᠢᠭᠤ ᠭᠠᠷᠤᠨ ᠰᠢᠭᠤᠳ ᠨᠡᠪᠲᠡᠷᠡᠭᠦᠯᠭᠡ︾ ᠪᠠᠷ ᠪᠣᠷᠣᠯᠠᠭᠤᠯᠵᠣ᠂ ᠵᠢᠯ ᠳᠤ ᠭᠤᠴᠢ ᠰᠢᠬᠠᠮ ᠲᠦᠮᠡᠨ ᠲᠦᠬᠦᠷᠢᠭ ᠤᠨ | ᠣᠷᠣᠯᠭ᠎ᠠ ᠣᠯᠵᠣᠪᠤᠢ᠃ ᠷᠠᠰᠢᠭᠤᠩᠭ᠎ᠠ ᠵᠡᠪ ᠯᠠ ᠭᠠᠷᠪᠠᠯ ︽ᠪᠤᠰᠢᠭᠤ ᠭᠠᠷ ᠰᠢᠭᠤᠳ ᠨᠡᠪᠳᠡᠷᠡᠬᠦᠯᠬᠡ︾ ᠪᠠᠷ ᠦᠪᠡᠷ ᠤᠨ | ᠣᠷᠠᠯᠠᠨ ᠬᠢᠵᠦᠪᠠᠶᠢᠭᠠ ᠣᠯᠠᠮᠵᠢᠯᠠᠯᠳᠣ ᠭᠠᠷ ᠣᠷᠠᠯᠠᠯ ᠤᠨ ᠪᠦᠳᠦᠬᠡᠭᠳᠡᠬᠦᠨ ᠢᠶᠠᠨ ᠬᠡᠷᠡᠭᠯᠡᠭᠴᠢᠳ ᠲᠤ ᠲᠠᠨᠢᠯᠴᠠᠭᠤᠯᠵᠣ᠂ | ᠡᠳᠦᠷ ᠲᠣ᠋ᠲ᠋ᠡᠭᠰᠢᠳᠬᠡᠬᠡᠳ ᠲᠠᠪᠣᠨ ᠵᠠᠭᠤᠨ ᠲᠦᠬᠦᠷᠢᠭ ᠤᠨ ᠦᠷᠳᠡᠭ ᠪᠦᠬᠦᠢ ᠵᠠᠬᠢᠶᠠᠯᠠᠭ᠎ᠠ ᠶᠢ ᠲᠤᠰᠳᠠᠭ ᠪᠠᠶᠢᠨ᠎ᠠ᠃ ᠲᠡᠷᠡ | ᠬᠤᠵᠢᠮ ᠪᠠᠰᠠ ᠣᠷᠣᠨ ᠨᠣᠳᠤᠭ ᠤᠨ ᠣᠨᠴᠠ ᠭᠠᠷᠣᠯᠳᠠ ᠪᠣᠯᠬᠤ ᠣᠯᠠᠭᠠᠨ ᠴᠠᠭᠠᠨ ᠢᠳᠡᠬᠡᠨ᠂ ᠣᠯᠠᠮᠵᠢᠯᠠᠯᠳᠣᠬᠤᠪᠴᠠᠰᠣ | ᠵᠠᠰᠠᠯ ᠵᠡᠷᠬᠡ ᠬᠦᠷᠢᠶ᠎ᠠ ᠴᠠᠷ᠎ᠠ ᠶᠢ ᠬᠠᠮᠣᠷᠠᠭᠰᠠᠨ ︽ᠬᠤᠨᠳᠣ ᠨᠣᠳᠤᠭ ᠤᠨ ᠨᠣᠳᠤᠭ ᠤᠨ ᠭᠠᠷᠣᠯᠳᠠ ᠶᠢᠨ | ᠰᠦᠯᠵᠢᠶᠡᠨᠪᠣᠷᠣᠯᠠᠭᠤᠯᠭᠠ ᠶᠢᠨ ᠲᠦᠪ︾ ᠢ ᠡᠭᠦᠰᠭᠡᠨ ᠪᠠᠶᠢᠭᠤᠯᠵᠣ᠂ ᠮᠠᠯᠴᠢᠳ ᠲᠠᠢ ᠬᠤᠯᠪᠣᠭᠠᠯᠠᠨ ᠬᠦᠳᠡᠭᠡ ᠨᠣᠳᠤᠭ ᠤᠨ | ᠮᠠᠯ ᠤᠨ ᠠᠰᠢᠭᠰᠢᠮᠠ ᠶᠢᠨ ᠪᠦᠳᠦᠬᠡᠭᠳᠡᠬᠦᠨ ᠤ ︽ᠰᠦᠯᠵᠢᠶᠡᠨ ᠪᠣᠷᠣᠯᠠᠭᠤᠯᠭ᠎ᠠ ᠶᠢᠨ ᠵᠠᠬ᠎ᠠ︾ ᠶᠢ ᠨᠡᠬᠡᠬᠡᠬᠦ ᠪᠠᠷ | ᠲᠦᠯᠦᠪᠯᠡᠵᠦ ᠪᠠᠶᠢᠨ᠎ᠠ᠃ |