ᠰᠢᠯᠢ ᠶᠢᠨ ᠬᠤᠲᠠ ᠶᠢᠨ 2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠡᠶᠡᠯᠡᠭᠦᠯᠬᠦ ᠲᠤᠬᠠᠢ ᠰᠠᠨᠠᠭᠤᠯᠭ᠎ᠠ ᠶᠢᠨ ᠠᠯᠪᠠᠨ ᠵᠠᠷᠯᠠᠯ
ᠨᠡᠶᠢᠲᠡᠯᠡᠭᠰᠡᠨ ᠴᠠᠭ᠄
2023/12/6
ᠰᠢᠯᠢ ᠶᠢᠨ ᠬᠤᠲᠠ ᠶᠢᠨ 2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠡᠶᠡᠯᠡᠭᠦᠯᠬᠦ ᠲᠤᠬᠠᠢ ᠰᠠᠨᠠᠭᠤᠯᠭ᠎ᠠ ᠶᠢᠨ ᠠᠯᠪᠠᠨ ᠵᠠᠷᠯᠠᠯᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ  ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠵᠦ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠵᠦ᠂ 2024 ᠣᠨ ᠳᠤ ᠮᠠᠨ ᠤ ᠬᠤᠲᠠ ᠨᠢᠭᠡ ᠪᠦᠯᠦᠭ ᠭᠤᠣᠯᠳᠠᠯᠭ᠎ᠠ ᠲᠠᠢ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠦᠷᠭᠦᠯᠵᠢᠯᠡᠨ ᠬᠡᠷᠡᠭᠵᠢᠭᠦᠯᠵᠦ᠂ ᠠᠷᠠᠳ ᠤᠨ ᠰᠠᠨᠠᠭ᠎ᠠ ᠶᠢ ᠬᠠᠮᠤᠭ ᠤᠨ ᠶᠡᠭᠡ ᠬᠡᠮᠵᠢᠶ᠎ᠡ ᠪᠠᠷ ᠬᠦᠯᠢᠶᠡᠨ ᠠᠪᠴᠤ᠂ ᠠᠷᠠᠳ ᠤᠨ ᠤᠶᠤᠨ ᠤᠬᠠᠭᠠᠨ ᠢ ᠨᠢᠭᠲᠠᠷᠠᠭᠤᠯᠵᠤ᠂ ᠦᠷᠭᠦᠯᠵᠢᠯᠡᠨ‌ᠠᠷᠠᠳ ᠤᠨ ᠲᠥᠯᠥᠭᠡ ᠪᠣᠳᠠᠲᠤ ᠶᠠᠪᠤᠳᠠᠯ᠂ ᠰᠠᠶᠢᠨ ᠶᠠᠪᠤᠳᠠᠯ ᠬᠢᠵᠦ᠂ ᠬᠥᠭᠵᠢᠯᠲᠡ ᠶᠢᠨ ᠦᠷ᠎ᠡ ᠪᠦᠲᠦᠭᠡᠯ ᠢ ᠪᠦᠬᠦ ᠬᠤᠲᠠ ᠶᠢᠨ ᠠᠷᠠᠳ ᠲᠦᠮᠡᠨ ᠳᠤ ᠨᠡᠩ ᠢᠯᠡᠭᠦᠦ  ᠬᠦᠷᠳᠡᠭᠡᠬᠦ ᠶᠢᠨ ᠲᠣᠰᠠᠳᠠ᠂ ᠡᠳᠦᠭᠡ 2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠰᠠᠨᠠᠭᠤᠯᠭ᠎ᠠ ᠶᠢᠨ ᠲᠦᠷᠦᠯ ᠵᠦᠢᠯ ᠢ ᠢᠯᠡ ᠪᠠᠷ ᠴᠤᠭᠯᠠᠭᠤᠯᠬᠤ ᠶᠢᠨ ᠬᠠᠮᠲᠤ ᠳᠣᠣᠷᠠᠬᠢ ᠮᠡᠲᠦ ᠵᠠᠷᠯᠠᠨ ᠨᠡᠶᠢᠲᠡᠯᠡᠶ᠎ᠡ᠂ ᠨᠡᠶᠢᠭᠡᠮ ᠤᠨ ᠡᠯ᠎ᠡ ᠡᠲᠡᠭᠡᠳ ᠤᠨ ᠎ ᠬᠢᠨ ᠢᠳᠡᠪᠬᠢᠲᠡᠢ ᠣᠷᠣᠯᠴᠠᠵᠤ᠂ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠬᠤ ᠶᠢ ᠬᠦᠰᠡᠵᠦ ᠪᠠᠶᠢᠨ᠎ᠠ᠃      ᠨᠢᠭᠡ᠂ ᠴᠠᠭ      ᠠᠯᠪᠠᠨ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠨ 2023 ᠣᠨ ᠤ 12 ᠰᠠᠷ᠎ᠠ ᠶᠢᠨ 25᠎ ᠤ ᠡᠳᠦᠷ ᠤᠨ 18᠄ 00 ᠪᠣᠯᠲᠠᠯ᠎ᠠ᠃      ᠬᠤᠶᠠᠷ᠂ ᠡᠯᠰᠡᠬᠦ ᠠᠭᠤᠯᠭ᠎ᠠ     ᠬᠤᠳᠠ ᠶᠢᠨ ᠠᠷᠠᠳ ᠤᠨ ᠰᠢᠯᠢ ᠶᠢᠨ ᠬᠤᠲᠠ ᠶᠢᠨ ᠠᠵᠢᠯ ᠠᠮᠢᠳᠤᠷᠠᠯ ᠳᠤᠮᠳᠠ ᠪᠠᠴᠢᠮ ᠰᠢᠢᠳᠪᠦᠷᠢᠯᠡᠬᠦ ᠴᠢᠬᠤᠯᠠᠲᠠᠢ ᠭᠡᠵᠦ ᠦᠵᠡᠭᠰᠡᠨ ᠠᠷᠠᠳ ᠤᠨ ᠠᠮᠢᠳᠤᠷᠠᠯ ᠤᠨ ᠠᠰᠠᠭᠤᠳᠠᠯ᠂ ᠭᠡᠪᠡᠴᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠵᠢᠯ ᠣᠯᠭᠤᠵᠤ ᠦᠢᠯᠡᠰ ᠪᠣᠰᠬᠠᠬᠤ᠂ ᠨᠡᠶᠢᠭᠡᠮ ᠤᠨ ᠪᠠᠲᠤᠯᠠᠭ᠎ᠠ᠂ ᠡᠮ ᠡᠮᠨᠡᠯᠭᠡ ᠡᠷᠡᠭᠦᠯ ᠬᠠᠮᠠᠭᠠᠯᠠᠯ᠂ ᠰᠢᠨᠵᠢᠯᠡᠭᠡ ᠮᠡᠷᠭᠡᠵᠢᠯ ᠰᠤᠷᠭᠠᠨ ᠬᠥᠮᠦᠵᠢᠯ᠂ ᠰᠣᠶᠣᠯ ᠪᠡᠶ᠎ᠡ ᠶᠢᠨ ᠲᠠᠮᠢᠷ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ᠂ ᠣᠷᠴᠢᠨ ᠲᠣᠭᠤᠷᠢᠨ ᠤ ᠬᠠᠮᠠᠭᠠᠯᠠᠯᠲᠠ᠂ ᠬᠤᠳᠠ ᠶᠢᠨ ᠪᠦᠲᠦᠭᠡᠨ ᠪᠠᠶᠢᠭᠤᠯᠤᠯᠲᠠ᠂ ᠣᠷᠣᠨ ᠰᠠᠭᠤᠴᠠ ᠶᠢᠨ ᠪᠠᠲᠤᠯᠠᠭ᠎ᠠ᠂ ᠤᠯᠠᠨ ᠨᠡᠶᠢᠲᠡ ᠶᠢᠨ ᠠᠮᠤᠷ ᠲᠦᠪᠰᠢᠨ᠂ ᠤᠯᠠᠨ ᠨᠡᠶᠢᠲᠡ ᠶᠢᠨ ᠵᠠᠮ ᠬᠠᠷᠢᠯᠴᠠᠭ᠎ᠠ᠂ ᠬᠤᠳᠠ ᠬᠥᠳᠡᠭᠡ ᠶᠢ ᠨᠢᠭᠡᠳᠦᠯᠲᠡᠢ ᠲᠥᠯᠥᠪᠵᠢᠭᠦᠯᠬᠦ᠂ ᠡᠷᠡᠭᠦᠯ ᠮᠡᠨᠳᠤ ᠨᠠᠰᠤᠵᠢᠯ ᠤᠨ ᠠᠰᠠᠷᠠᠮᠵᠢ ᠵᠡᠷᠭᠡ ᠠᠷᠠᠳ ᠤᠨ ᠠᠮᠢᠳᠤᠷᠠᠯ ᠤᠨ ᠬᠦᠷᠢᠶᠡᠨ ᠤ ᠬᠠᠮᠢᠶ᠎ᠠ ᠪᠦᠬᠦᠢ ᠶᠠᠪᠤᠳᠠᠯ ᠶᠢ ᠪᠠᠭᠳᠠᠭᠠᠬᠤ ᠮᠦᠷᠳᠡᠭᠡᠨ ᠲᠡᠭᠦᠨ ᠳᠤ ᠬᠢᠵᠠᠭᠠᠷᠯᠠᠭᠳᠠᠬᠤ ᠦᠭᠡᠢ ᠪᠠᠶᠢᠬᠤ᠃ᠭᠤᠷᠪᠠ᠂ ᠡᠯᠰᠡᠬᠦ ᠱᠠᠭᠠᠷᠳᠠᠯᠭ᠎ᠠ      ︽ᠬᠥᠮᠥᠨ ᠢᠶᠠᠷ ᠦᠨᠳᠦᠰᠦ ᠪᠣᠯᠭᠠᠬᠤ᠂ ᠠᠰᠢᠭ ᠬᠥᠷᠳᠡᠬᠦ ᠬᠡᠪᠴᠢᠶ᠎ᠡ ᠪᠠᠷ ᠥᠷᠭᠡᠨ᠂ ᠴᠢᠳᠠᠯ ᠤᠨ ᠢᠶᠠᠨ ᠬᠢᠷᠢ ᠪᠠᠷ ᠬᠢᠵᠦ᠂ ᠲᠤᠬᠠᠢ ᠶᠢᠨ ᠵᠢᠯ ᠳᠤ ᠰᠢᠢᠳᠪᠦᠷᠢᠯᠡᠵᠦ ᠳᠠᠭᠤᠰᠬᠠᠬᠤ︾ ᠵᠠᠷᠴᠢᠮ ᠶᠣᠰᠣᠭᠠᠷ᠂ ᠰᠠᠨᠠᠭᠤᠯᠭ᠎ᠠ ᠭᠠᠷᠭᠠᠭᠰᠠᠨ ᠵᠦᠢᠯᠡᠰ ᠲᠤ ᠤᠯᠠᠨ ᠲᠦᠮᠡᠨ ᠤ ᠠᠩᠬᠠᠷᠴᠤ ᠪᠠᠶᠢᠭ᠎ᠠ ᠬᠡᠮᠵᠢᠶ᠎ᠡ ᠥᠨᠳᠥᠷ᠂ ᠠᠷᠠᠳ ᠤᠨ ᠠᠮᠢᠳᠤᠷᠠᠯ ᠲᠠᠢ ᠬᠤᠯᠪᠣᠭᠳᠠᠬᠤ ᠬᠡᠮᠵᠢᠶ᠎ᠡ ᠶᠡᠭᠡ ᠪᠠᠶᠢᠬᠤ ᠠᠰᠠᠭᠤᠳᠠᠯ ᠢ ᠭᠤᠣᠯᠳᠠᠯᠭ᠎ᠠ ᠲᠠᠢ ᠪᠠᠷ ᠰᠢᠢᠳᠪᠦᠷᠢᠯᠡᠬᠦ ᠬᠡᠷᠡᠭᠲᠡᠢ ᠪᠥᠭᠡᠳ ᠲᠦᠭᠡᠮᠡᠯ ᠬᠠᠷᠠᠭᠠᠯᠵᠠᠯᠲᠤ ᠴᠢᠨᠠᠷ᠂ ᠨᠡᠶᠢᠲᠡ ᠶᠢᠨ ᠠᠰᠠᠷᠠᠮᠵᠢ ᠶᠢᠨ ᠴᠢᠨᠠᠷ ᠵᠢᠴᠢ ᠨᠡᠶᠢᠭᠡᠮ ᠤᠨ ᠦᠷ᠎ᠡ ᠠᠰᠢᠭᠲᠤ ᠴᠢᠨᠠᠷ ᠲᠠᠢ ᠪᠠᠶᠢᠵᠤ᠂ ᠡᠩ ᠤᠨ ᠪᠠᠶᠢᠳᠠᠯ ᠳᠤ ᠲᠤᠬᠠᠢ ᠶᠢᠨ ᠵᠢᠯ ᠳᠡᠭᠡᠨ ᠰᠡᠳᠦᠪ ᠲᠣᠭᠲᠠᠭᠠᠵᠤ᠂ ᠲᠤᠬᠠᠢ ᠶᠢᠨ ᠵᠢᠯ ᠳᠡᠭᠡᠨ ᠪᠡᠶᠡᠯᠡᠭᠦᠯᠵᠦ᠂ ᠲᠤᠬᠠᠢ ᠶᠢᠨ ᠵᠢᠯ ᠳᠡᠭᠡᠨ ᠦᠷ᠎ᠡ ᠪᠦᠲᠦᠮᠵᠢ ᠭᠠᠷᠭᠠᠬᠤ ᠬᠡᠷᠡᠭᠲᠡᠢ᠃      ᠳᠣᠣᠷᠠᠬᠢ ᠭᠤᠷᠪᠠᠨ ᠵᠦᠢᠯ ᠤᠨ ᠠᠷᠭ᠎ᠠ ᠮᠠᠶ᠋ᠢᠭ ᠢᠶᠠᠷ ᠲᠠᠭᠯᠠᠨ ᠮᠡᠳᠡᠭᠦᠯᠵᠦ ᠪᠣᠯᠣᠨ᠎ᠠ᠄     1. ᠳᠣᠣᠷ᠎ᠠ ᠲᠠᠯ᠎ᠠ ᠶᠢᠨ ᠬᠤᠶᠠᠷ ᠬᠡᠮᠵᠢᠯᠲᠦ ᠺᠣᠳ᠋ ᠢ ᠰᠢᠷᠪᠢᠵᠦ᠂ ᠤᠲᠠᠰᠤᠨ ᠳᠡᠭᠡᠷ᠎ᠡ ᠲᠠᠭᠯᠠᠨ ᠮᠡᠳᠡᠭᠦᠯᠦᠨ᠎ᠡ᠃    2. ︽2024 ᠣᠨ ᠤ  ᠰᠢᠯᠢ ᠶᠢᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠴᠤᠭᠯᠠᠭᠤᠯᠬᠤ ᠬᠦᠰᠦᠨᠦᠭᠲᠦ︾᠎ ᠶᠢ ᠪᠠᠭᠤᠯᠭᠠᠨ ᠠᠪᠴᠤ᠂  ᠲᠦᠷᠢᠮᠵᠢᠭᠦᠨ ᠲᠠᠭᠯᠠᠭᠰᠠᠨ ᠤ ᠳᠠᠷᠠᠭ᠎ᠠ᠂ ᠡᠯᠧᠺᠲᠷᠣᠨ ᠬᠡᠪ ᠤᠨ ᠬᠦᠰᠦᠨᠦᠭᠲᠦ ᠶᠢ ᠰᠢᠤᠳᠠᠨ ᠤ ᠬᠠᠶᠢᠷᠴᠠᠭ zfb8102001@163.com᠎ ᠳᠤ ᠶᠠᠪᠤᠭᠤᠯᠵᠤ᠂ ᠭᠤᠣᠯ ᠰᠡᠳᠦᠪ ᠢᠶᠠᠨ ︽ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠴᠤᠭᠯᠠᠭᠤᠯᠬᠤ︾  ᠭᠡᠵᠦ ᠪᠢᠴᠢᠬᠦ ᠪᠠ ᠢᠯᠡᠭᠡᠭᠴᠢ ᠵᠢᠴᠢ ᠬᠠᠷᠢᠯᠴᠠᠬᠤ ᠠᠷᠭ᠎ᠠ ᠮᠠᠶ᠋ᠢᠭ ᠢᠶᠠᠨ ᠲᠣᠳᠣᠷᠬᠠᠶᠢᠯᠠᠨ᠎ᠠ᠃ ᠬᠤᠶᠠᠷ ᠬᠡᠮᠵᠢᠯᠲᠦ ᠺᠣᠳ᠋ ᠢ ᠰᠢᠷᠪᠢᠵᠦ ᠬᠦᠰᠦᠨᠦᠭᠳᠦ ᠪᠠᠭᠤᠯᠭᠠᠬᠤ        3. ᠲᠠᠯ᠎ᠠ ᠨᠤᠲᠤᠭ ᠤᠨ ᠬᠡᠷᠡᠯᠳᠦ ᠰᠤᠪᠤᠳ ᠰᠢᠯᠢ ᠶᠢᠨ ᠬᠤᠲᠠ ᠶᠢᠨ ᠸᠢᠴᠠᠲ ᠤᠨ ᠣᠯᠠᠨ ᠨᠡᠶᠢᠲᠡ ᠶᠢᠨ ᠲᠠᠪᠴᠠᠩ ᠳᠤ ᠦᠭᠡ ᠦᠯᠡᠳᠡᠭᠡᠬᠦ ᠂ ᠦᠭᠡ ᠦᠯᠡᠳᠡᠭᠡᠬᠦ ᠠᠭᠤᠯᠭ᠎ᠠ ᠳᠤ ︽ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠴᠤᠭᠯᠠᠭᠤᠯᠬᠤ︾ ᠭᠡᠰᠡᠨ ᠥᠰᠥᠭ ᠢ ᠲᠣᠳᠣᠷᠬᠠᠶᠢᠯᠠᠵᠤ᠂ ᠣᠪᠣᠭ ᠨᠡᠷ᠎ᠡ᠂ ᠬᠠᠷᠢᠯᠴᠠᠬᠤ ᠤᠲᠠᠰᠤ᠂ ᠣᠲᠣ ᠶᠢᠨ ᠰᠠᠭᠤᠭ᠎ᠠ ᠭᠠᠵᠠᠷ ᠢᠶᠠᠨ ᠲᠣᠳᠣᠷᠬᠠᠶᠢᠯᠠᠨ ᠪᠢᠴᠢᠵᠦ᠂  ᠬᠠᠷᠢᠯᠴᠠᠬᠤ ᠳᠤ ᠲᠥᠬᠦᠮ ᠪᠠᠶᠢᠯᠭᠠᠬᠤ ᠬᠡᠷᠡᠭᠲᠠᠢ᠃ ︵ᠬᠠᠷᠢᠯᠴᠠᠬᠤ ᠬᠥᠮᠥᠨ᠄ ᠯᠢᠦ ᠡᠾᠦ᠋ᠢ ᠵᠦᠩ 8102001︶                                                                                                  2023 ᠣᠨ ᠤ 12 ᠰᠠᠷ᠎ᠠ ᠶᠢᠨ 6᠎ ᠤ  ᠡᠳᠦᠷ
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号