ᠠᠩᠬᠠᠳᠤᠭᠠᠷ ᠬᠤᠭᠤᠴᠠᠭᠠᠨ ᠤ ︽ᠮᠣᠩᠭᠤᠯ ᠮᠣᠷᠢᠨ ᠤ ᠵᠣᠷᠢᠭ ᠰᠠᠨᠠᠭ᠎ᠠ ᠬᠤᠨᠳᠠᠭᠠᠲᠤ︾ ᠳᠤᠮᠳᠠᠳᠤ ᠤᠯᠤᠰ ᠤᠨ ᠠᠳᠣᠭᠤᠨ ᠰᠣᠶᠣᠯ ᠤᠨ ᠲᠦᠪ ᠤᠨ ᠰᠢᠯᠢ ᠶᠢᠨ ᠭᠤᠣᠯ ᠤᠨ ᠮᠣᠩᠭᠤᠯ ᠮᠣᠷᠢᠨ ᠤ ᠲᠠᠰ ᠠᠴᠠ ᠲᠠᠪᠠᠭᠰᠠᠨ ᠬᠤᠯᠪᠣᠭᠠᠲᠤ ᠤᠷᠤᠯᠳᠤᠭᠠᠨ ᠤ ᠬᠤᠪᠢᠶᠠᠷᠢ ᠥᠷᠲᠡᠭᠡᠨ ᠤ ᠤᠷᠤᠯᠳᠤᠭᠠᠨ ᠵᠢᠴᠢ 2023 ᠣᠨ ᠤ ᠪᠠᠶᠠᠨᠪᠤᠯᠠᠭ ᠰᠤᠮᠤ ᠶᠢᠨ ᠡᠪᠦᠯ ᠤᠨ ᠤᠯᠠᠷᠢᠯ ᠤᠨ ᠨᠠᠭᠠᠳᠤᠮ ᠤᠨ ᠴᠤᠭᠯᠠᠭᠠᠨ ᠦᠪᠡᠳᠡᠭᠰᠢ ᠶᠡᠭᠡ ᠪᠠᠷ ᠡᠬᠢᠯᠡᠪᠡ︕
ᠨᠡᠶᠢᠲᠡᠯᠡᠭᠰᠡᠨ ᠴᠠᠭ᠄
2023/12/7
ᠠᠩᠬᠠᠳᠤᠭᠠᠷ ᠬᠤᠭᠤᠴᠠᠭᠠᠨ ᠤ ︽ᠮᠣᠩᠭᠤᠯ ᠮᠣᠷᠢᠨ ᠤ ᠵᠣᠷᠢᠭ ᠰᠠᠨᠠᠭ᠎ᠠ ᠬᠤᠨᠳᠠᠭᠠᠲᠤ︾ ᠳᠤᠮᠳᠠᠳᠤ ᠤᠯᠤᠰ ᠤᠨ ᠠᠳᠣᠭᠤᠨ ᠰᠣᠶᠣᠯ ᠤᠨ ᠲᠦᠪ ᠤᠨ ᠰᠢᠯᠢ ᠶᠢᠨ ᠭᠤᠣᠯ ᠤᠨ ᠮᠣᠩᠭᠤᠯ ᠮᠣᠷᠢᠨ ᠤ ᠲᠠᠰ ᠠᠴᠠ ᠲᠠᠪᠠᠭᠰᠠᠨ ᠬᠤᠯᠪᠣᠭᠠᠲᠤ ᠤᠷᠤᠯᠳᠤᠭᠠᠨ ᠤ ᠬᠤᠪᠢᠶᠠᠷᠢ ᠥᠷᠲᠡᠭᠡᠨ ᠤ ᠤᠷᠤᠯᠳᠤᠭᠠᠨ ᠵᠢᠴᠢ 2023 ᠣᠨ ᠤ ᠪᠠᠶᠠᠨᠪᠤᠯᠠᠭ ᠰᠤᠮᠤ ᠶᠢᠨ ᠡᠪᠦᠯ ᠤᠨ ᠤᠯᠠᠷᠢᠯ ᠤᠨ ᠨᠠᠭᠠᠳᠤᠮ ᠤᠨ ᠴᠤᠭᠯᠠᠭᠠᠨ ᠦᠪᠡᠳᠡᠭᠰᠢ ᠶᠡᠭᠡ ᠪᠠᠷ ᠶᠠᠪᠣᠭᠳᠠᠪᠠ     ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠣ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ  ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠣᠩᠭᠤᠯ ᠮᠣᠷᠢᠨ ᠤ ᠵᠣᠷᠢᠭ ᠰᠠᠨᠠᠭ᠎ᠠ  ᠶᠢ ᠶᠡᠭᠡ ᠪᠠᠷ ᠪᠠᠳᠠᠷᠠᠭᠤᠯᠵᠤ᠂ ᠥᠷᠭᠡᠨ ᠤᠯᠠᠨ ᠮᠠᠯᠴᠢᠳ ᠤᠨ ᠦᠢᠯᠡᠰ ᠪᠣᠰᠬᠠᠬᠤ ᠪᠦᠯᠬᠦᠮᠳᠡᠯ ᠤᠨ ᠠᠤᠭ᠎ᠠ ᠬᠦᠴᠦᠨ ᠢ ᠴᠢᠨᠠᠭᠰᠢᠳᠠ ᠨᠢᠭᠲᠠᠷᠠᠭᠤᠯᠵᠤ᠂ ᠦᠨᠳᠦᠰᠦᠨ ᠱᠠᠲᠤᠨ ᠤ ᠤᠯᠠᠨ ᠲᠦᠮᠡᠨ ᠤ ᠤᠶᠤᠨ ᠤ ᠰᠣᠶᠣᠯ ᠤᠨ ᠠᠮᠢᠳᠤᠷᠠᠯ ᠢ  ᠪᠠᠶᠠᠯᠢᠭᠵᠢᠭᠤᠯᠬᠤ ᠶᠢᠨ ᠲᠥᠯᠦᠭᠡ᠂ 12 ᠰᠠᠷ᠎ᠠ ᠶᠢᠨ 6 ᠎ ᠤ ᠡᠳᠦᠷ ᠤᠨ ᠠᠩᠬᠠᠳᠤᠭᠠᠷ ᠬᠤᠭᠤᠴᠠᠭᠠᠨ ᠤ ︽ᠮᠣᠩᠭᠤᠯ ᠮᠣᠷᠢᠨ ᠤ ᠵᠣᠷᠢᠭ ᠰᠠᠨᠠᠭ᠎ᠠ ᠬᠤᠨᠳᠠᠭᠠᠲᠤ︾ ᠳᠤᠮᠳᠠᠳᠤ ᠤᠯᠤᠰ ᠤᠨ  ᠠᠳᠰᠣᠭᠤᠨ ᠰᠣᠶᠣᠯ ᠤᠨ ᠲᠦᠪ ᠎ ᠤᠨ ᠰᠢᠯᠢ ᠶᠢᠨ ᠭᠤᠣᠯ ᠤᠨ ᠮᠣᠩᠭᠤᠯ ᠮᠣᠷᠢᠨ ᠤ ᠳᠡᠰ ᠠᠴᠠ ᠳᠠᠪᠠᠭᠰᠠᠨ ᠬᠤᠯᠪᠣᠭᠠᠲᠤ ᠤᠷᠤᠯᠳᠤᠭᠠᠨ ᠤ ᠬᠤᠪᠢᠶᠠᠷᠢ ᠦᠷᠳᠡᠭᠡ ᠶᠢᠨ ᠤᠷᠤᠯᠳᠤᠭᠠᠨ ᠵᠢᠴᠢ 2023 ᠣᠨ ᠤ ᠪᠠᠶᠠᠨᠪᠤᠯᠠᠭ ᠰᠤᠮᠤ ᠶᠢᠨ ᠡᠪᠦᠯ ᠤᠨ ᠤᠯᠠᠷᠢᠯ ᠤᠨ ᠨᠠᠭᠠᠳᠤᠮ ᠤᠨ ᠴᠤᠭᠯᠠᠭᠠᠨ ᠦᠪᠡᠳᠡᠭᠰᠢ ᠶᠡᠬᠡᠪᠡᠷ ᠡᠬᠢᠯᠡᠵᠦ᠂ ᠰᠤᠮᠤ ᠶᠢᠨ ᠡᠯ᠎ᠡ ᠭᠠᠴᠠᠭ᠎ᠠ᠂ ᠰᠠᠭᠤᠭᠠᠯᠢ ᠠᠷᠠᠳ ᠤᠨ ᠵᠥᠪᠯᠡᠯ ᠤᠨ ᠥᠷᠭᠡᠨ ᠤᠯᠠᠨ ᠮᠠᠯᠴᠢᠨ ᠲᠦᠮᠡᠨ᠂ ᠺᠠᠳ᠋ᠷ ᠠᠵᠢᠯᠲᠠᠨ ᠢᠳᠡᠪᠬᠢᠲᠡᠢ ᠣᠷᠣᠯᠴᠠᠪᠠ᠃     ᠰᠤᠮᠤ ᠶᠢᠨ ᠦᠨᠳᠦᠰᠦᠲᠡᠨ ᠨᠦᠭᠦᠳ ᠤᠨ ᠤᠯᠠᠨ ᠲᠦᠮᠡᠨ ᠪᠠᠶᠠᠷ ᠬᠦᠷ ᠲᠠᠢ ᠪᠠᠷ ᠴᠤᠭᠯᠠᠷᠠᠵᠤ᠂ ᠡᠪᠦᠯ ᠤᠨ ᠤᠯᠠᠷᠢᠯ ᠤᠨ ᠲᠠᠯ᠎ᠠ ᠨᠤᠲᠤᠭ ᠤᠨ ᠦᠪᠡᠳᠡᠭᠰᠢ ᠴᠤᠭᠯᠠᠭᠠᠨ ᠳᠤ ᠣᠷᠣᠯᠴᠠᠵᠠᠢ᠃ ᠨᠠᠭᠠᠳᠤᠮ ᠤᠨ ᠬᠤᠭᠤᠴᠠᠭᠠᠨ ᠳᠤ  ᠣᠶᠠᠩᠭᠠᠳᠣ ᠰᠠᠶᠢᠬᠠᠨ ᠳᠠᠭᠤᠤ ᠪᠥᠵᠢᠭ᠂  ᠮᠣᠷᠢᠨ ᠤ ᠣᠷᠣᠯᠳᠣᠭᠠᠨ᠂ ᠪᠥᠬᠡ ᠪᠠᠷᠢᠯᠳᠣᠬᠤ ᠵᠡᠷᠭᠡ ᠨᠢ ᠬᠦᠮᠦᠰ ᠤᠨ ᠣᠷᠭᠢᠯᠤᠮ᠎ᠠ ᠬᠠᠯᠠᠭᠤᠨ ᠰᠡᠳᠬᠢᠯᠭᠡ ᠶᠢ ᠬᠥᠪᠴᠢᠯᠡᠨ᠎ᠡ ᠁᠂ ᠲᠠᠯ᠎ᠠ ᠨᠤᠲᠤᠭ ᠤᠨ ᠬᠥᠪᠡᠭᠦᠳ ᠥᠬᠢᠳ ᠨᠠᠭᠠᠳᠣᠮ ᠳᠤ ᠢᠷᠡᠭᠰᠡᠨ ᠵᠣᠴᠢᠳ ᠲᠠᠢ ᠪᠠᠨ ᠬᠠᠮᠲᠤ ᠪᠠᠷ ᠬᠥᠮᠥᠰ ᠤᠨ ᠰᠡᠳᠬᠢᠯ  ᠎ ᠢ ᠬᠥᠭᠵᠢᠭᠡᠭᠰᠡᠨ ᠦᠪᠡᠳᠡᠭᠰᠢ ᠨᠠᠶᠢᠷ  ᠎ ᠢ ᠰᠣᠨᠢᠷᠬᠠᠨ ᠦᠵᠡᠵᠦ᠂ ᠤᠮᠠᠷᠠᠲᠤ ᠬᠢᠯᠢ  ᠎ ᠶᠢᠨ ᠲᠠᠯ᠎ᠠ ᠨᠤᠲᠤᠭ ᠤᠨ ᠰᠣᠶᠣᠯ ᠢᠷᠭᠡᠨᠰᠢᠯ ᠵᠠᠩ ᠦᠢᠯᠡ ᠶᠢ ᠣᠯᠠᠨ ᠳᠤ  ᠮᠡᠳᠡᠷᠡᠭᠦᠯᠦᠨ᠎ᠡ᠃      ᠡᠯ᠎ᠡ ᠭᠠᠴᠠᠭ᠎ᠠ᠂ ᠰᠠᠭᠤᠭᠠᠯᠢ ᠠᠷᠠᠳ ᠤᠨ ᠵᠥᠪᠯᠡᠯ ᠤᠨ ᠱᠦᠵᠢ ᠪᠠᠷ ᠪᠦᠷᠢᠯᠳᠦᠭᠰᠡᠨ ᠤᠯᠤᠰ ᠤᠨ ᠲᠤᠭ ᠤᠨ ᠵᠢᠭᠰᠠᠭᠠᠯ ᠤᠨ ᠡᠩᠨᠡᠭᠡ᠂ ᠬᠠᠷᠢᠶ᠎ᠠ ᠣᠷᠣᠨ ᠤ ᠰᠢᠯᠢᠳᠡᠭ ᠠᠬᠠᠮᠠᠳ ᠨᠠᠮ ᠤᠨ ᠭᠡᠰᠢᠭᠦᠨ᠂ ᠰᠣᠷᠣᠯᠴᠠᠯᠭ᠎ᠠ ᠪᠠᠷ ᠣᠯᠣᠰ ᠎ ᠢᠶᠠᠨ ᠬᠦᠴᠦᠷᠬᠡᠭᠵᠢᠭᠦᠯᠬᠦ ᠎ ᠶᠢ  ᠰᠣᠷᠣᠯᠴᠠᠭᠰᠠᠨ ᠰᠢᠯᠢᠳᠡᠭ ᠰᠣᠷᠣᠭᠴᠢ ᠪᠣᠯᠣᠨ ᠪᠠᠶᠠᠵᠢᠯ ᠤᠨ ᠴᠢᠳᠠᠪᠤᠷᠢᠲᠠᠨ ᠢᠶᠠᠷ ᠪᠦᠷᠢᠯᠳᠦᠭᠰᠡᠨ ᠲᠠᠯᠠᠪᠤᠷ ᠲᠤ ᠣᠷᠣᠬᠤ ᠡᠩᠨᠡᠭᠡ ᠨᠢ ᠲᠡᠷᠢ ᠲᠡᠭᠰᠢ ᠠᠯᠬᠤᠭ᠎ᠠ ᠪᠠᠷ ᠲᠡᠷᠢᠭᠦᠯᠡᠭᠴᠢ ᠶᠢᠨ ᠲᠠᠶᠢᠰᠠᠨ ᠵᠦᠭ  ᠠᠯᠬᠤᠵᠣ᠂ ᠬᠤᠰᠢᠭᠤᠴᠢ ᠵᠢᠱᠢᠶᠡᠴᠢ ᠦᠢᠯᠡᠳᠦᠯ ᠢᠶᠠᠨ ᠢᠮᠠᠭᠲᠠ ᠪᠠᠳᠠᠷᠠᠭᠤᠯᠵᠤ᠂ ᠬᠠᠷᠢᠶ᠎ᠠ ᠣᠷᠣᠨ ᠤ ᠨᠠᠮ ᠤᠨ ᠭᠡᠰᠢᠭᠦᠨ ᠤᠯᠠᠨ ᠲᠦᠮᠡᠨ ᠳᠤ ᠰᠠᠶᠢᠨ ᠰᠠᠶᠢᠬᠠᠨ ᠬᠡᠪ ᠳᠠᠭᠤᠷᠢᠶᠠᠯ ᠦᠵᠡᠭᠦᠯᠪᠡ᠃ ᠳᠠᠷᠠᠭ᠎ᠠ ᠪᠠᠷ ᠨᠢ ᠪᠥᠬᠡ ᠪᠣᠯᠣᠨ ᠰᠤᠷ ᠬᠠᠷᠪᠤᠬᠤ ᠵᠢᠭᠰᠠᠭᠠᠯ ᠤᠨ ᠠᠩᠭᠢ᠂ ᠮᠣᠩᠭᠤᠯ ᠮᠣᠷᠢᠨ ᠤ ᠵᠢᠭᠰᠠᠭᠠᠯ ᠤᠨ ᠡᠩᠨᠡᠭᠡ ᠳᠡᠰ ᠳᠠᠷᠠᠭ᠎ᠠ ᠲᠠᠢ ᠪᠠᠷ ᠲᠠᠯᠠᠪᠠᠶ ᠳᠤ ᠣᠷᠣᠵᠤ᠂ ᠲᠡᠳᠡᠨ ᠤ ᠴᠤᠭ ᠵᠢᠪᠬᠤᠭ᠎ᠠ ᠪᠠᠳᠠᠷᠠᠵᠤ᠂ ᠲᠠᠯ᠎ᠠ ᠨᠤᠲᠤᠭ ᠤᠨ ᠬᠥᠪᠡᠭᠦᠳ ᠥᠬᠢᠳ ᠤᠨ ᠡᠷᠡᠯᠬᠡᠭᠯᠡᠨ ᠲᠡᠮᠡᠴᠡᠵᠦ ᠥᠭᠡᠳᠡᠯᠡᠨ ᠳᠠᠪᠰᠢᠬᠤ ᠣᠶᠤᠨ ᠰᠠᠨᠠᠭᠠᠨ ᠤ ᠳᠦᠷᠰᠦ ᠪᠠᠶᠢᠳᠠᠯ  ᠎ ᠢ ᠢᠯᠡᠷᠡᠭᠦᠯᠪᠡ᠃      ᠤᠯᠤᠰ ᠤᠨ ᠲᠤᠭ ᠮᠠᠨᠳᠤᠭᠤᠯᠵᠤ᠂ ᠤᠯᠤᠰ ᠤᠨ ᠰᠦᠯᠳᠡ ᠳᠠᠭᠤᠤ ᠶᠢ ᠬᠥᠭᠵᠢᠮᠳᠡᠭᠰᠡᠨ ᠤ ᠳᠠᠷᠠᠭ᠎ᠠ᠂ ᠰᠤᠮᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠰᠢᠯᠢᠳᠡᠭ ᠠᠬᠠᠮᠠᠳ ᠨᠠᠮ ᠤᠨ ᠭᠡᠰᠢᠭᠦᠨ᠂ ᠰᠣᠷᠣᠯᠴᠠᠯᠭ᠎ᠠ ᠪᠠᠷ ᠣᠯᠣᠰ ᠢᠶᠠᠨ ᠬᠦᠴᠦᠷᠬᠡᠭᠵᠢᠭᠦᠯᠬᠦ ᠎ ᠶᠢ  ᠰᠣᠷᠣᠯᠴᠠᠭᠰᠠᠨ ᠰᠢᠯᠢᠳᠡᠭ ᠰᠣᠷᠣᠭᠴᠢ ᠪᠣᠯᠣᠨ ᠪᠠᠶᠠᠵᠢᠯ ᠤᠨ ᠴᠢᠳᠠᠪᠤᠷᠢᠲᠠᠨ ᠵᠡᠷᠭᠡ ᠲᠡᠷᠢᠭᠦᠨ ᠤ ᠲᠥᠯᠥᠭᠡᠯᠡᠭᠴᠢ ᠶᠢ ᠬᠥᠬᠢᠭᠦᠯᠦᠨ ᠱᠠᠩᠨᠠᠵᠣ᠂ ᠲᠡᠳᠡᠨ ᠤ ᠲᠣᠰ ᠲᠣᠰ ᠤᠨ ᠠᠵᠢᠯ ᠤᠨ ᠪᠠᠶᠢᠷᠢ ᠬᠦᠷᠢᠶᠡᠨ  ᠳᠤ ᠢᠯᠡᠷᠡᠭᠦᠯᠦᠭᠰᠡᠨ ᠠᠮᠵᠢᠯᠲᠠ ᠪᠦᠲᠦᠮᠵᠢ ᠪᠠ ᠦᠵᠡᠭᠦᠯᠦᠭᠰᠡᠨ ᠬᠤᠪᠢ ᠨᠡᠮᠡᠷᠢ ᠶᠢ ᠦᠨᠡᠯᠡᠵᠦ᠂ ᠲᠡᠳᠡᠨ ᠤ ᠬᠤᠰᠢᠭᠤᠴᠢ ᠵᠢᠱᠢᠶᠡᠴᠢ ᠶᠢᠨ ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠬᠤ ᠶᠢ ᠵᠣᠷᠢᠭᠵᠢᠭᠤᠯᠵᠤ᠂ ︽ᠵᠣᠪᠠᠭᠤᠷᠢ ᠵᠦᠳᠡᠭᠦᠷᠢ ᠶᠢ ᠲᠡᠰᠪᠦᠷᠢᠯᠡᠵᠦ ᠪᠤᠴᠠᠯᠲᠠ ᠦᠭᠡᠢ ᠤᠷᠤᠭᠰᠢᠯᠠᠬᠤ᠂ ᠵᠣᠷᠢᠯᠭ᠎ᠠ ᠳᠠᠭᠠᠨ ᠬᠦᠷᠬᠦ ᠦᠭᠡᠢ ᠪᠣᠯ ᠶᠠᠭᠠᠬᠢᠭᠰᠠᠨ ᠴᠤ ᠪᠣᠴᠠᠬᠤ ᠦᠭᠡᠢ︾ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠪᠠ᠃     ︽ᠲᠠᠯ᠎ᠠ ᠨᠤᠲᠤᠭ ᠤᠨ ᠬᠥᠩᠭᠡᠨ ᠮᠣᠷᠢᠲᠤ ᠴᠡᠷᠢᠭ︾ ᠤᠯᠠᠭᠠᠨᠮᠥ᠋ᠴᠢᠷ ᠤᠨ ᠰᠢᠯᠢᠳᠡᠭ ᠲᠣᠭᠯᠠᠭᠴᠢᠳ ᠤᠨ ᠭᠤᠶᠢᠳᠠ ᠰᠠᠶᠢᠬᠠᠨ ᠲᠣᠭᠯᠠᠯᠲᠠ ᠳᠤ ᠮᠠᠯᠴᠢᠳ ᠪᠠᠶᠠᠷᠯᠠᠯᠳᠤᠨ ᠬᠥᠭᠡᠷᠦᠯᠳᠦᠵᠦ ᠪᠠᠶᠢᠯ᠎ᠠ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号